ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ ᠲᠤᠭᠤᠰᠢᠯᠠᠭᠤᠯᠵᠠᠢ
ᠨᠡᠶᠢᠲᠡᠯᠡᠭᠰᠡᠨ ᠴᠠᠭ᠄
2025/3/17
     3 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠣ ᠴᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠵᠠᠩ ᠱᠣᠣ ᠴᠦᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃     ᠬᠤᠷᠠᠯ ᠠᠴᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号