ᠠᠵᠢᠯ ᠤᠨ ᠣᠨᠣᠪᠴᠢ ᠶᠢᠨ ᠬᠡᠮᠵᠢᠶ᠎ᠡ ᠪᠠ ᠦᠷ᠎ᠡ ᠪᠦᠲᠦᠮᠵᠢ ᠤᠷᠤᠭᠤᠯᠤᠯᠳᠠ ᠶᠢᠨ ᠬᠠᠷᠢᠴᠠᠯ ᠬᠡᠮᠵᠢᠭᠳᠡᠯ ᠢ ᠳᠡᠭᠡᠭᠰᠢᠯᠡᠭᠦᠯᠦᠶ᠎ᠡ— ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠪᠦᠭᠦ ᠵᠢᠯ ᠤᠨ ᠬᠠᠷᠠᠯᠲᠠ ᠶᠢ ᠪᠡᠶᠡᠯᠡᠭᠦᠯᠬᠦ ᠲᠤᠬᠠᠢ ᠰᠢᠷᠢᠰ ᠰᠢᠭᠦᠮᠵᠢ ᠭᠤᠷᠪᠠ
ᠨᠡᠶᠢᠲᠡᠯᠡᠭᠰᠡᠨ ᠴᠠᠭ᠄
2025/3/18
     ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠪᠣᠯ ᠮᠠᠷᠺᠰ  ᠤᠨ  ᠦᠵᠡᠯ ᠤᠨ ︽ᠠᠮᠢᠨ ᠰᠦᠨᠡᠰᠦ︾ ᠮᠥᠨ᠃ ᠥᠪᠥᠷ ᠮᠣᠩᠭᠤᠯ ᠤᠨ ᠡᠯ᠎ᠡ ᠭᠠᠵᠠᠷ ᠤᠨ ᠪᠠᠶᠢᠳᠠᠯ ᠮᠠᠰᠢ ᠶᠡᠭᠡ ᠵᠥᠷᠢᠶ᠎ᠡ ᠲᠠᠢ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠢᠯ ᠢᠶᠠᠨ ᠠᠳᠬᠤᠪᠠᠯ ᠰᠠᠶ᠋ᠢ ᠵᠣᠷᠢᠯᠭ᠎ᠠ ᠳᠠᠭᠠᠨ ᠬᠦᠷᠴᠦ  ᠴᠢᠳᠠᠨ᠎ᠠ᠃     ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠣᠯ ᠤᠴᠢᠷ ᠶᠠᠪᠤᠳᠠᠯ ᠢ ᠪᠦᠲᠦᠭᠡᠬᠦ ᠶᠢᠨ ᠤᠷᠢᠲᠠᠯ ᠮᠥᠨ᠃ ᠰᠢᠢᠳᠪᠦᠷᠢᠲᠦ ᠪᠣᠳᠣᠯᠭ᠎ᠠ ᠤᠲᠠᠰᠤᠨ ᠲᠡᠳᠦᠢ ᠵᠥᠷᠢᠪᠡᠯ᠂ ᠠᠵᠢᠯ ᠳᠤ ᠠᠯᠳᠠ ᠶᠡᠭᠡ ᠪᠠᠷ ᠵᠥᠷᠢᠨ᠎ᠡ᠃ ᠨᠢᠭᠡ ᠭᠤᠣᠯ ᠰᠢᠵᠢᠮ ᠢ ᠲᠤᠭᠤᠰᠢᠯᠠᠭᠤᠯᠬᠤ ᠳᠤ ᠴᠤ ᠲᠡᠷᠡ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠴᠦ ᠲᠡᠷᠡ᠂ ᠴᠥᠮ ᠡᠷᠬᠡᠪᠰᠢ ᠨᠣᠮᠯᠠᠯ ᠤᠨ ᠦᠵᠡᠯ᠂ ᠲᠤᠷᠰᠢᠯᠭ᠎ᠠ ᠶᠢᠨ ᠦᠵᠡᠯ ᠢ ᠲᠠᠶᠠᠭᠳᠠᠵᠤ᠂ ᠪᠣᠳᠠᠲᠤ ᠪᠠᠶᠢᠳᠠᠯ ᠳᠤ ᠰᠠᠭᠤᠷᠢᠯᠠᠨ ᠱᠠᠭᠠᠷᠳᠠᠯᠭ᠎ᠠ ᠳᠤᠷᠠᠳᠬᠤ᠂ ᠪᠠᠶᠢᠷᠢᠯᠠᠭᠤᠯᠤᠯᠲᠠ ᠬᠢᠬᠦ᠂ ᠭᠠᠷᠳᠠᠴᠠ ᠡᠷᠢᠬᠦ ᠶᠢ ᠪᠠᠷᠢᠮᠲᠠᠯᠠᠵᠤ᠂ ᠪᠣᠳᠠᠲᠠᠢ ᠠᠴᠠ ᠰᠠᠯᠤᠩᠬᠢᠷᠠᠭᠰᠠᠨ ᠭᠦᠢᠴᠡᠳᠬᠡᠯ ᠲᠤᠭ᠎ᠠ ᠶᠢ ᠲᠣᠭᠲᠠᠭᠠᠬᠤ ᠦᠭᠡᠢ᠂ ᠨᠡᠯᠦᠶᠢᠲᠡᠯ᠎ᠡ ᠤᠰᠤᠯᠠᠬᠤ ᠲᠦᠷᠦ ᠶᠢᠨ ᠪᠣᠳᠣᠯᠭ᠎ᠠ ᠭᠠᠷᠭᠠᠬᠤ ᠦᠭᠡᠢ᠂ ︽ᠴᠢᠳᠠᠯ ᠤᠨ ᠬᠢᠷᠢ ᠳᠣᠲᠣᠷ᠎ᠠ ᠪᠠᠨ ᠬᠢᠵᠦ︾᠂ ᠪᠣᠳᠠᠲᠠᠢ ᠠᠰᠠᠭᠤᠳᠠᠯ ᠢ ᠪᠣᠳᠠᠲᠠᠢ ᠵᠠᠳᠠᠯᠬᠤ ᠳᠤᠮᠳᠠ ︽ᠣᠨᠢᠰᠤ︾ ᠪᠣᠯᠭᠠᠨ ᠳᠤ ᠬᠠᠮᠤᠭ ᠤᠨ ᠲᠣᠬᠢᠷᠠᠮᠵᠢᠲᠠᠢ ︽ᠲᠦᠯᠬᠢᠭᠦᠷ︾ ᠢ ᠨᠢᠮᠪᠠᠢ ᠴᠢᠳᠬᠤᠵᠤ ᠥᠭᠬᠦ ᠬᠡᠷᠡᠭᠲᠡᠢ᠃     ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠪᠣᠯ ᠤᠴᠢᠷ ᠶᠠᠪᠤᠳᠠᠯ ᠢ ᠪᠦᠲᠦᠭᠡᠬᠦ ᠶᠢᠨ ᠵᠠᠩᠭᠢᠯᠠᠭ᠎ᠠ ᠮᠥᠨ᠃ ᠪᠣᠳᠠᠲᠠᠢ ᠳᠤ ᠨᠠᠶᠢᠳᠠᠪᠤᠷᠢᠵᠢᠭᠤᠯᠤᠶ᠎ᠠ ᠭᠡᠪᠡᠯ ︽ᠦᠨᠡᠨ ᠢ ᠪᠠᠷᠢᠮᠲᠠᠯᠠᠬᠤ︾ ᠳᠡᠭᠡᠷ᠎ᠡ ᠢᠯᠡᠭᠦᠬᠡᠨ ᠬᠦᠴᠦ ᠲᠠᠯᠪᠢᠵᠤ᠂ ᠳᠡᠭᠡᠳᠦ ᠱᠠᠲᠤᠨ ᠠᠴᠠ ᠲᠣᠭᠲᠠᠭᠠᠯ ᠲᠠᠢ ᠪᠣᠯ ᠱᠠᠭᠠᠷᠳᠠᠯᠭ᠎ᠠ ᠶᠣᠰᠣᠭᠠᠷ ᠬᠢᠵᠦ᠂ ᠴᠠᠭ ᠤᠨ ᠬᠢᠵᠠᠭᠠᠷ ᠤᠨ ᠲᠠᠯ᠎ᠠ ᠪᠠᠷ ᠱᠠᠲᠤ ᠱᠠᠲᠤ ᠪᠠᠷ ᠤᠷᠢᠳᠴᠢᠯᠠᠵᠤ ᠪᠤᠯᠬᠤ ᠦᠭᠡᠢ᠂ ᠪᠠᠷᠢᠮᠵᠢᠶ᠎ᠠ ᠶᠢᠨ ᠲᠠᠯ᠎ᠠ ᠪᠠᠷ ᠱᠠᠲᠤ ᠳᠠᠷᠠᠭᠠᠯᠠᠨ ᠳᠡᠭᠡᠭᠰᠢᠯᠡᠭᠦᠯᠵᠦ ᠪᠤᠯᠬᠤ ᠦᠭᠡᠢ᠂ ᠢᠯᠠᠩᠭᠤᠶ᠎ᠠ ᠠᠯᠢ ᠤᠯᠠᠨ ᠳᠠᠭᠠᠯᠲᠠ ᠱᠠᠭᠠᠷᠳᠠᠯᠭ᠎ᠠ ᠶᠢ ᠥᠪᠡᠰᠦᠪᠡᠨ ᠲᠣᠭᠲᠠᠭᠠᠵᠤ ᠪᠤᠯᠬᠤ ᠦᠭᠡᠢ᠃ ᠨᠢᠭᠡ ᠯᠡ ᠳᠡᠭᠡᠷ᠎ᠡ ᠪᠦᠲᠦᠬᠦ ᠶᠠᠪᠤᠳᠠᠯ ᠭᠡᠵᠦ ᠦᠭᠡᠢ᠂ ᠪᠣᠳᠠᠲᠤ ᠪᠠᠶᠢᠳᠠᠯ ᠢ ᠬᠠᠶᠢᠬᠤᠷᠬᠤ ᠦᠭᠡᠢ ᠪᠠᠷ ︽ᠱᠠᠲᠤ ᠱᠠᠲᠤ ᠪᠠᠷ ᠡᠭᠦᠷᠭᠡ ᠨᠡᠮᠡᠬᠦ︾ ᠨᠢ ᠠᠷᠭ᠎ᠠ ᠪᠤᠰᠤ ︽ᠲᠡᠰ ᠳᠡᠰ ᠢᠶᠠᠷ ᠢᠶᠠᠨ ᠠᠯᠪᠠ ᠬᠠᠰᠢᠬᠤ︾ ᠪᠠᠶᠢᠳᠠᠯ ᠢ ᠡᠭᠦᠰᠬᠡᠨ᠎ᠡ᠃ ︽ᠪᠣᠳᠠᠲᠠᠢ ᠶᠢ ᠡᠷᠭᠢᠮᠯᠡᠭᠦ︾ ᠳᠡᠭᠡᠷ᠎ᠡ ᠢᠯᠡᠭᠦᠬᠡᠨ ᠠᠵᠢᠯ ᠬᠢᠵᠦ᠂ ︽ᠯᠠᠷᠵᠢᠶ᠎ᠠ ᠶᠠᠩᠪᠠ ᠲᠠᠲᠠᠬᠤ︾ ᠶᠢ ᠲᠠᠶᠠᠭᠳᠠᠵᠤ᠂ ︽ᠣᠪ ᠮᠡᠭᠡ︾ ᠶᠢ ᠠᠷᠢᠯᠭᠠᠵᠤ᠂ ᠬᠠᠭᠤᠴᠢᠨ ᠠᠷᠭ᠎ᠠ ᠲᠤᠰᠠᠲᠠᠢ ᠪᠣᠯ ᠶᠡᠭᠡ ᠶᠢ ᠪᠤᠳᠤᠨ ᠰᠢᠨ᠎ᠡ ᠰᠡᠪᠡᠭᠦᠨ ᠢ ᠬᠥᠭᠡᠭᠡᠴᠡᠯᠳᠦᠬᠦ ᠦᠭᠡᠢ ᠪᠠᠶᠢᠵᠤ᠂ ︽ᠶᠠᠮᠠᠷ ᠠᠰᠠᠭᠤᠳᠠᠯ ᠪᠣᠯ ᠲᠡᠷᠡ ᠠᠰᠠᠭᠤᠳᠠᠯ ᠢ ᠰᠢᠢᠳᠪᠦᠷᠢᠯᠡᠵᠦ᠂ ᠶᠠᠮᠠᠷ ᠠᠷᠭ᠎ᠠ ᠪᠠᠷ ᠰᠢᠢᠳᠪᠦᠷᠢᠯᠡᠬᠦ ᠶᠣᠰᠣᠲᠠᠢ ᠪᠣᠯ ᠲᠡᠷᠡ ᠠᠷᠭ᠎ᠠ ᠪᠠᠷ ᠰᠢᠢᠳᠪᠦᠷᠢᠯᠡᠬᠦ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃     ᠳᠡᠯᠡᠬᠡᠢ ᠳᠡᠭᠡᠷ᠎ᠡ ᠪᠦᠷᠢᠮᠦᠰᠦᠨ ᠠᠳᠠᠯᠢ ᠨᠠᠪᠴᠢ ᠭᠡᠵᠦ ᠦᠭᠡᠢ᠃ ᠦᠨᠡᠨ ᠠᠴᠠ ᠵᠥᠪ ᠢ ᠡᠷᠢᠬᠦ ᠦᠵᠡᠯ ᠰᠠᠨᠠᠭᠠᠨ ᠤ ᠵᠠᠮ ᠱᠤᠭᠤᠮ ᠢ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠵᠦ᠂ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ ᠪᠠᠷᠢᠮᠲᠠᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤᠮᠳᠠ ᠠᠵᠢᠯ ᠤᠨ ᠣᠨᠣᠪᠴᠢ ᠶᠢᠨ ᠬᠡᠮᠵᠢᠶ᠎ᠡ ᠪᠠ ᠤᠷᠤᠭᠤᠯᠤᠯᠳᠠ ᠦᠷ᠎ᠡ ᠪᠦᠲᠦᠮᠵᠢ ᠶᠢᠨ ᠬᠠᠷᠢᠴᠠᠯ ᠢ ᠳᠡᠭᠡᠭᠰᠢᠯᠡᠭᠦᠯᠵᠦ᠂ ᠣᠨᠣᠴᠠᠲᠠᠢ ᠪᠥᠭᠡᠳ ᠪᠣᠳᠠᠲᠠᠢ ᠠᠵᠢᠯᠯᠠᠪᠠᠯ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠯᠠᠪᠲᠠᠢ ᠬᠠᠨᠳᠤᠭᠰᠠᠨ ᠵᠦᠭ ᠲᠤ ᠢᠯᠠᠭᠳᠠᠰᠢ ᠦᠭᠡᠢ ᠪᠤᠯᠬᠤ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号