ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠦᠨᠳᠦᠰᠦᠨ ᠵᠣᠭᠰᠣᠯᠲᠠ ᠪᠠ ᠦᠷᠳᠡᠭ ᠤᠨ ᠬᠠᠨᠳᠤᠰᠢ ᠮᠥᠨ᠂ ᠮᠥᠨ ᠴᠤ | ᠪᠢᠳᠡᠨ ᠤ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠵᠣᠷᠢᠯᠲᠠ ᠪᠠ ᠲᠤᠰᠤᠯᠲᠠ ᠮᠥᠨ᠃ | ᠤᠯᠠᠨ ᠲᠦᠮᠡᠨ ᠳᠤ ᠨᠡᠩ ᠰᠠᠶᠢᠨ ᠦᠢᠯᠡᠴᠢᠯᠡᠵᠦ᠂ ᠤᠯᠠᠨ ᠲᠦᠮᠡᠨ ᠤ ᠵᠢᠷᠭᠠᠯᠲᠤ ᠲᠥᠷᠥᠭᠳᠡᠯ ᠢ ᠨᠡᠩ ᠴᠢᠩᠭ᠎ᠠ | ᠪᠣᠯᠭᠠᠬᠤ ᠪᠠᠷ ᠴᠢᠷᠮᠠᠶᠢᠬᠤ ᠳᠤ ᠡᠩ ᠲᠡᠷᠢᠭᠦᠨ ᠳᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠨᠣᠴᠠᠲᠠᠢ | ᠡᠵᠡᠮᠳᠡᠵᠦ᠂ ᠬᠦᠴᠢᠷ ᠨᠢ ᠬᠠᠮᠢᠭ᠎ᠠ ᠠᠴᠠ ᠢᠷᠡᠭᠰᠡᠨ᠂ ᠬᠦᠴᠢᠷ ᠨᠢ ᠬᠡᠳᠦᠢ ᠶᠡᠭᠡ ᠪᠠᠶᠢᠬᠤ ᠶᠢ ᠲᠣᠳᠣᠷᠬᠠᠢ ᠮᠡᠳᠡᠵᠦ᠂ | ᠬᠠᠷᠠᠯᠲᠠ ᠲᠠᠢ ᠪᠠᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠵᠠᠷᠢᠮ ᠦᠢᠯᠡᠴᠢᠯᠡᠭᠡ ᠶᠢ ᠤᠯᠠᠨ ᠲᠦᠮᠡᠨ ᠬᠦᠯᠢᠶᠡᠨ | ᠠᠪᠬᠤ ᠦᠭᠡᠢ ᠪᠠᠶᠢᠬᠤ ᠶᠢᠨ ᠰᠢᠯᠲᠠᠭᠠᠨ ᠨᠢ ᠭᠡᠪᠡᠯ ᠣᠨᠣᠴᠠᠲᠠᠢ ᠦᠢᠯᠡᠴᠢᠯᠡᠭᠰᠡᠨ ᠦᠭᠡᠢ ᠠᠴᠠ ᠪᠣᠯᠤᠭᠰᠠᠨ ᠶᠤᠮ᠃ | ᠠᠷᠠᠳ ᠲᠦᠮᠡᠨ ᠳᠤ ᠦᠢᠯᠡᠴᠢᠯᠡᠬᠦ ᠳᠤ ︽ᠪᠤᠳᠤᠭᠰᠠᠨ ᠢᠶᠠᠷ ᠢᠶᠠᠨ︾ ᠪᠤᠯᠭᠠᠵᠤ ᠪᠣᠯᠬᠤ ᠦᠭᠡᠢ᠂ ᠡᠷᠬᠡᠪᠰᠢ ᠪᠤᠰᠤᠳ ᠤᠨ | ᠡᠮᠦᠨ᠎ᠡ ᠠᠴᠠ ᠪᠣᠳᠣᠯᠬᠢᠯᠠᠵᠤ᠂ ᠰᠡᠳᠬᠢᠯ ᠢᠶᠠᠷ ᠢᠶᠠᠨ ᠶᠠᠪᠤᠯᠴᠠᠵᠤ᠂ ᠤᠯᠠᠨ ᠲᠦᠮᠡᠨ ᠳᠤ ︽ᠴᠠᠭ ᠤᠨ ᠬᠤᠷ᠎ᠠ︾᠂ | ︽ᠳᠠᠭᠠᠷᠠᠭᠰᠠᠨ ᠬᠥᠮᠥᠨ ᠳᠤ ᠳᠠᠬᠤ ᠬᠦᠷᠭᠡᠬᠦ︾ ᠶᠠᠪᠤᠳᠠᠯ ᠢᠯᠡᠭᠦᠬᠡᠨ ᠬᠢᠵᠦ ᠥᠭᠬᠦ ᠬᠡᠷᠡᠭᠲᠡᠢ᠃ ᠬᠢᠵᠦ ᠳᠡᠶᠢᠯᠬᠦ ᠦᠭᠡᠢ | ᠪᠣᠯ ᠶᠡᠭᠡ ᠦᠭᠡ ᠶᠠᠷᠢᠵᠤ᠂ ᠬᠡᠢ ᠬᠤᠭᠤᠰᠤᠨ ᠠᠮᠠᠯᠳᠠᠵᠤ ᠪᠣᠯᠬᠤ ᠦᠭᠡᠢ᠃ ᠠᠷᠠᠳ ᠤᠯᠠᠨ ᠳᠤ ᠠᠮᠠᠯᠳᠠᠭᠰᠠᠨ | ᠶᠠᠪᠤᠳᠠᠯ ᠢ ᠡᠷᠬᠡᠪᠰᠢ ︽ᠬᠡᠯᠡᠪᠡᠯ ᠦᠭᠡ ᠭᠢᠰᠬᠢᠪᠡᠯ ᠭᠠᠵᠠᠷ︾ ᠪᠤᠯᠭᠠᠵᠤ᠂ ᠶᠠᠪᠤᠳᠠᠯ ᠪᠦᠬᠦᠨ ᠢ ᠰᠠᠶᠢᠲᠤᠷ ᠬᠢᠬᠦ ᠬᠡᠷᠡᠭᠲᠡᠢ᠃ | | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠨᠢ ᠠᠳᠠᠯᠢᠬᠠᠨ ᠢᠶᠠᠷ ᠠᠷᠠᠳ | ᠲᠦᠮᠡᠨ ᠳᠤ ᠦᠢᠯᠡᠴᠢᠯᠡᠵᠦ ᠪᠠᠶᠢᠭ᠎ᠠ ᠶᠠᠪᠤᠳᠠᠯ ᠶᠤᠮ᠃ ︽ᠯᠢᠦ ᠰᠢᠶᠣᠣ ᠯᠦᠡᠭ︾ ᠬᠠᠩᠵᠧᠦ ᠳᠤ ᠢᠯᠡᠷᠡᠭᠰᠡᠨ ᠨᠢ | ᠲᠤᠬᠠᠢ ᠶᠢᠨ ᠭᠠᠵᠠᠷ ᠤᠨ ᠬᠢᠨ ᠤ ᠠᠵᠤ ᠠᠬᠤᠶᠢᠯᠠᠯ ᠳᠤ ᠭᠦᠢᠴᠡᠳ ᠰᠠᠶᠢᠨ ᠦᠢᠯᠡᠴᠢᠯᠡᠵᠦ ᠪᠠᠶᠢᠬᠤ᠂ ᠪᠤᠢ | ᠪᠣᠯᠭᠠᠭᠰᠠᠨ ᠨᠡᠶᠢᠭᠡᠮ ᠤᠨ ᠠᠭᠤᠷ ᠠᠮᠢᠰᠬᠤᠯ ᠭᠦᠢᠴᠡᠳ ᠠᠭᠤᠵᠢᠭᠤ ᠪᠠᠶᠢᠬᠤ ᠲᠠᠢ ᠮᠠᠰᠢ ᠶᠡᠭᠡ ᠬᠤᠯᠪᠣᠭ᠎ᠠ ᠲᠠᠢ | ᠶᠤᠮ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠨᠢ ᠰᠢᠨ᠎ᠡ ᠨᠢᠭᠡ ᠵᠢᠯ ᠤᠨ ᠦᠢᠯᠡᠴᠢᠯᠡᠭᠡᠨ ᠤ ᠦᠷ᠎ᠡ | ᠪᠦᠲᠦᠮᠵᠢ ᠶᠢ ᠰᠠᠶᠢᠵᠢᠷᠠᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠣᠮᠣ | ᠬᠥᠰᠢᠭᠡ ᠶᠢ ᠨᠡᠭᠡᠭᠡᠪᠡ᠃ ᠭᠠᠭᠴᠠ ᠬᠦ ᠬᠠᠮᠤᠭ ᠤᠨ ᠶᠡᠭᠡ ᠦᠨᠡᠨᠴᠢ ᠰᠡᠳᠬᠢᠯ ᠢᠶᠠᠷ ᠦᠢᠯᠡᠴᠢᠯᠡᠭᠡ ᠶᠢᠨ ᠬᠤᠷᠠᠭᠰᠠᠨ᠂ | ᠳᠥᠭᠦᠮᠴᠢᠯᠡᠭᠰᠡᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ | ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠣᠨᠣᠴᠠᠲᠠᠢ ᠨᠠᠶᠢᠳᠠᠪᠤᠷᠢᠵᠢᠭᠤᠯᠪᠠᠯ ᠰᠠᠶ᠋ᠢ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ᠂ ᠦᠢᠯᠡᠰ ᠢᠶᠠᠨ ᠬᠥᠭᠵᠢᠭᠦᠯᠦᠨ ᠮᠠᠨᠳᠤᠭᠤᠯᠬᠤ | ᠠᠮᠢᠵᠢᠷᠠᠯ ᠤᠨ ᠬᠦᠴᠦᠨ ᠢ ᠨᠡᠩ ᠰᠠᠶᠢᠲᠤᠷ ᠬᠥᠭᠵᠢᠭᠡᠵᠦ ᠴᠢᠳᠠᠨ᠎ᠠ᠃ | ᠤᠯᠠᠨ ᠲᠦᠮᠡᠨ ᠪᠠ ᠠᠵᠤ ᠠᠬᠤᠶᠢᠯᠠᠯ ᠳᠤ ᠦᠢᠯᠡᠴᠢᠯᠡᠬᠦ ᠶᠢ ᠪᠣᠳᠠᠲᠠᠶᠢᠵᠢᠭᠤᠯᠤᠨ ᠬᠢᠵᠦ ᠳᠡᠶᠢᠯᠬᠦ ᠦᠭᠡᠢ | ᠪᠠᠶᠢᠬᠤ ᠨᠢ ᠮᠠᠰᠢ ᠶᠡᠭᠡ ᠬᠡᠮᠵᠢᠶᠡᠨ ᠳᠤ ᠰᠠᠯᠠᠭ᠎ᠠ ᠮᠥᠴᠢᠷ ᠤᠨ ᠬᠤᠭᠤᠷᠣᠨᠳᠣᠬᠢ᠂ ᠨᠢᠭᠡᠴᠢ ᠶᠢᠨ ᠬᠤᠭᠤᠷᠣᠨᠳᠣᠬᠢ᠂ | ᠳᠡᠭᠡᠳᠦ ᠳᠣᠣᠷᠠᠳᠤ ᠱᠠᠲᠤᠨ ᠤ ᠬᠤᠭᠤᠷᠣᠨᠳᠣᠬᠢ ᠬᠠᠷᠢᠯᠴᠠᠨ ᠦᠢᠯᠡᠴᠢᠯᠡᠬᠦ ᠤᠬᠠᠮᠰᠠᠷ ᠴᠢᠩᠭ᠎ᠠ ᠪᠢᠰᠢ ᠠᠴᠠ ᠪᠣᠯᠵᠤ᠂ | ᠮᠠᠰᠢ ᠤᠯᠠᠨ ᠴᠢᠬᠤᠯᠠ ᠪᠤᠰᠤ ᠳᠣᠲᠣᠭᠠᠳᠤ ᠬᠤᠷᠣᠭᠳᠠᠯ ᠢ ᠪᠤᠢ ᠪᠣᠯᠭᠠᠭᠰᠠᠨ ᠳᠤ ᠪᠠᠶᠢᠨ᠎ᠠ᠃ ᠬᠥᠮᠥᠨ ᠳᠤ ᠲᠤᠰᠠ | ᠬᠦᠷᠭᠡᠪᠡᠯ ᠰᠠᠶ᠋ᠢ ᠰᠠᠶᠢᠨ ᠰᠠᠶᠢᠬᠠᠨ ᠢ ᠬᠠᠮᠲᠤ ᠪᠠᠷ ᠡᠳ᠋ᠯᠡᠵᠦ ᠳᠡᠶᠢᠯᠦᠨ᠎ᠡ᠂ ᠬᠠᠮᠤᠭ ᠤᠨ ᠰᠠᠶᠢᠨ ᠠᠵᠢᠯ ᠤᠨ | ᠬᠠᠷᠢᠴᠠᠭ᠎ᠠ ᠪᠣᠯ ᠳᠠᠷᠤᠢ ᠬᠠᠷᠢᠯᠴᠠᠨ ᠠᠮᠵᠢᠯᠲᠠ ᠪᠦᠲᠦᠮᠵᠢ ᠭᠠᠷᠭᠠᠬᠤ ᠶᠠᠪᠤᠳᠠᠯ ᠪᠣᠯᠣᠨ᠎ᠠ᠃ ᠠᠯᠢ ᠰᠠᠯᠠᠭ᠎ᠠ ᠮᠥᠴᠢᠷ | ᠴᠦ ᠭᠡᠰᠡᠨ ᠦᠭᠡᠢ ᠤᠴᠢᠷ ᠶᠠᠪᠤᠳᠠᠯ ᠲᠣᠬᠢᠶᠠᠯᠳᠤᠬᠤ ᠳᠤ ᠴᠥᠮ ᠪᠦᠬᠦ ᠲᠠᠯ᠎ᠠ ᠪᠠ ᠪᠦᠬᠦᠯᠢ ᠴᠣᠭᠴᠠ ᠠᠴᠠ | ᠡᠭᠦᠰᠴᠦ᠂ ᠬᠠᠷᠢᠯᠴᠠᠨ ᠠᠮᠵᠢᠯᠲᠠ ᠣᠯᠬᠤ ᠠᠴᠠ ᠪᠢᠰᠢ ᠬᠠᠷᠢᠯᠴᠠᠨ ᠬᠠᠷᠰᠢᠯᠠᠬᠤ ᠦᠭᠡᠢ᠂ ᠬᠠᠷᠢᠯᠴᠠᠨ | ᠬᠠᠮᠵᠢᠯᠴᠠᠬᠤ ᠠᠴᠠ ᠪᠢᠰᠢ ᠬᠠᠷᠢᠯᠴᠠᠨ ᠬᠠᠷᠭᠤᠯᠳᠤᠬᠤ ᠦᠭᠡᠢ᠂ ᠬᠠᠷᠢᠯᠴᠠᠨ ᠬᠠᠷᠢᠭᠤᠴᠠᠬᠤ ᠠᠴᠠ ᠪᠢᠰᠢ ᠬᠠᠷᠢᠯᠴᠠᠨ | ᠬᠠᠷᠢᠭᠤᠴᠠᠯᠭ᠎ᠠ ᠪᠠᠨ ᠲᠦᠯᠬᠢᠬᠦ ᠦᠭᠡᠢ ᠪᠠᠶᠢᠬᠤ ᠶᠢ ᠪᠡᠶᠡᠯᠡᠭᠦᠯᠵᠦ᠂ ᠪᠠᠶᠢᠭᠤᠯᠤᠯ ᠤᠨ ᠳᠣᠲᠣᠭᠠᠳᠤ ᠳᠠᠬᠢ ᠰᠠᠭᠠᠳ | ᠦᠭᠡᠢ ᠦᠢᠯᠡᠴᠢᠯᠡᠭᠡ ᠪᠠᠷ ᠤᠯᠠᠨ ᠲᠦᠮᠡᠨ ᠪᠠ ᠠᠵᠤ ᠠᠬᠤᠶᠢᠯᠠᠯ ᠳᠤ ᠦᠢᠯᠡᠴᠢᠯᠡᠬᠦ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ | ᠶᠢᠷᠲᠢᠨᠴᠦ ᠳᠡᠯᠡᠬᠡᠢ ᠶᠡᠭᠡ ᠠᠪᠠᠴᠤ᠂ ᠢᠷᠭᠡᠳ ᠢᠨᠦ ᠦᠨᠳᠦᠰᠦ ᠪᠤᠯᠠᠢ᠃ ᠠᠷᠠᠳ ᠲᠦᠮᠡᠨ ᠳᠤ ᠦᠢᠯᠡᠴᠢᠯᠡᠬᠦ | ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠶᠠᠪᠤᠳᠠᠯ ᠢ ᠠᠷᠠᠳ ᠤᠨ ᠰᠡᠳᠬᠢᠯ ᠳᠤ ᠬᠦᠷᠲᠡᠯ᠎ᠡ | ᠬᠢᠪᠡᠯ ᠥᠪᠥᠷ ᠮᠣᠩᠭᠤᠯ ᠤᠨ ᠬᠥᠭᠵᠢᠯᠲᠡ ᠶᠢᠨ ᠣᠷᠴᠢᠨ ᠨᠥᠬᠦᠴᠡᠯ ᠯᠠᠪᠲᠠᠢ ᠤᠯᠠᠮ ᠠᠴᠠ ᠤᠯᠠᠮ ᠰᠠᠶᠢᠵᠢᠷᠠᠵᠤ᠂ | ᠪᠦᠬᠦ ᠨᠡᠶᠢᠭᠡᠮ ᠤᠨ ᠠᠮᠢᠵᠢᠷᠠᠯ ᠤᠨ ᠬᠦᠴᠦᠨ ᠯᠠᠪᠲᠠᠢ ᠤᠯᠠᠮ ᠠᠴᠠ ᠤᠯᠠᠮ ᠭᠦᠢᠴᠡᠳ ᠪᠣᠯᠬᠤ ᠶᠤᠮ᠃ |