ᠬᠠᠪᠤᠷ ᠤᠨ ᠰᠠᠯᠬᠢ ᠢᠯᠪᠢᠵᠦ᠂ ᠲᠦᠮᠡᠨ ᠪᠣᠳᠠᠰ ᠠᠮᠢᠯᠠᠨ᠎ᠠ᠃ ᠰᠢᠯᠢ ᠶᠢᠨ ᠭᠤᠣᠯ ᠤᠨ ᠲᠠᠯ᠎ᠠ ᠨᠤᠲᠤᠭ | ᠬᠥᠭᠵᠢᠯ ᠪᠠᠳᠠᠷᠠᠯ ᠤᠨ ᠥᠩᠭᠡ ᠶᠢ ᠬᠠᠷᠠᠭᠤᠯᠤᠨ᠎ᠠ᠃ | 3 ᠰᠠᠷ᠎ᠠ ᠶᠢᠨ 14 ᠤ ᠡᠳᠦᠷ᠂ ᠪᠦᠭᠦ ᠤᠯᠤᠰ ᠤᠨ ᠬᠤᠶᠠᠷ ᠬᠤᠷᠠᠯ ᠠᠴᠠ ᠰᠠᠶ᠋ᠢᠬᠠᠨ ᠪᠤᠴᠠᠵᠤ ᠢᠷᠡᠭᠰᠡᠨ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤᠨ ᠤ | ᠬᠤᠩᠭᠤᠷᠭᠤᠣᠯ ᠪᠠᠯᠭᠠᠰᠤᠨ ᠤ ᠰᠠᠷᠠᠭᠤᠯᠲᠤᠶᠠᠭ᠎ᠠ ᠭᠠᠴᠠᠭᠠᠨ ᠤ ᠤᠤᠯ ᠤᠨ ᠨᠠᠮ ᠤᠨ ᠡᠭᠦᠷ ᠤᠨ ᠱᠦᠵᠢ ᠲᠢᠩ · | ᠪᠠᠭᠠᠲᠤᠷ ᠬᠠᠮᠤᠭ ᠤᠨ ᠲᠦᠷᠦᠭᠦᠨ ᠳᠤ ᠬᠤᠩᠭᠤᠷᠭᠤᠣᠯ ᠪᠠᠯᠭᠠᠰᠤᠨ ᠳᠤ ᠢᠷᠡᠵᠦ᠂ ᠦᠨᠳᠦᠰᠦᠨ ᠱᠠᠲᠤᠨ ᠤ ᠺᠠᠳ᠋ᠷ | ᠤᠯᠠᠨ ᠲᠦᠮᠡᠨ ᠳᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠲᠠᠢ | ᠬᠠᠮᠲᠤ ᠪᠠᠷ ᠰᠤᠷᠤᠯᠴᠠᠨ ᠣᠶᠢᠯᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ | ᠬᠥᠭᠵᠢᠯᠲᠡ ᠶᠢᠨ ᠲᠤᠬᠠᠢ ᠶᠠᠷᠢᠯᠴᠠᠵᠠᠢ᠃ | ᠲᠤᠬᠠᠢ ᠶᠢᠨ ᠡᠳᠦᠷ ᠤᠨ ᠥᠷᠯᠥᠭᠡ ᠡᠷᠲᠡ ᠬᠤᠩᠭᠤᠷᠭᠤᠣᠯ ᠪᠠᠯᠭᠠᠰᠤᠨ ᠤ ᠬᠤᠷᠠᠯ ᠤᠨ ᠭᠡᠷ ᠲᠤ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠰᠣᠨᠣᠰᠬᠤ ᠪᠠᠷ ᠢᠷᠡᠭᠰᠡᠨ ᠺᠠᠳ᠋ᠷ ᠠᠵᠢᠯᠲᠠᠨ ᠠᠵᠢᠯᠴᠢᠨ ᠪᠣᠯᠣᠨ ᠮᠠᠯᠴᠢᠨ ᠲᠦᠮᠡᠨ | ᠳᠦᠭᠦᠷᠲᠡᠯ᠎ᠡ ᠰᠠᠭᠤᠯᠴᠠᠵᠠᠢ᠃ ᠲᠢᠩ · ᠪᠠᠭᠠᠲᠤᠷ ᠥᠪᠡᠷ ᠤᠨ ᠬᠤᠷᠠᠯ ᠳᠤ ᠣᠷᠣᠯᠴᠠᠬᠰᠠᠨ ᠲᠥᠷᠥᠭᠳᠡᠯ᠂ ᠡᠭᠦᠷᠭᠡ | ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠵᠢᠴᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠬᠠᠮᠤᠭ ᠤᠨ ᠦᠨᠡᠨᠴᠢ ᠰᠢᠳᠤᠷᠭᠤ᠂ ᠬᠠᠮᠤᠭ ᠤᠨ ᠣᠶᠢᠯᠠᠭᠠᠮᠵᠢᠲᠠᠢ ᠦᠭᠡ ᠭᠡᠯᠡ ᠪᠠᠷ ︽ᠬᠠᠯᠠᠭᠤᠨ | ᠠᠭᠤᠷ ᠪᠠᠭᠠᠭᠢᠭᠰᠠᠨ︾ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠥᠮᠥᠨ ᠪᠦᠭᠦᠨ ᠤ ᠰᠡᠳᠬᠢᠯ ᠳᠤ ᠳᠠᠮᠵᠢᠭᠤᠯᠪᠠ᠃ | ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠥᠳᠡᠭᠡ ᠲᠣᠰᠬᠤᠨ ᠤ ᠣᠨᠴᠠᠯᠢᠭᠲᠤ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠲᠠᠢ ᠬᠤᠯᠪᠣᠭᠠᠯᠠᠵᠤ | ᠲᠠᠷᠢᠶᠠᠴᠢᠳ ᠢ ᠳᠠᠶᠢᠴᠢᠯᠠᠬᠤ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠨ᠎ᠡ ᠭᠡᠵᠦ ᠳᠤᠷᠠᠳᠴᠠᠢ᠃ ᠡᠨᠡ ᠨᠢ ᠮᠠᠯᠵᠢᠬᠤ ᠲᠠᠷᠢᠶᠠᠯᠠᠬᠤ ᠣᠷᠣᠨ ᠳᠤ ᠠᠪᠴᠤ ᠬᠡᠯᠡᠪᠡᠯ ᠴᠢᠬᠤᠯᠠ ᠶᠡᠭᠡ | ᠠᠰᠢᠭ ᠲᠤᠰᠠ ᠮᠥᠨ᠃ ᠣᠯᠠᠨ ᠢᠶᠠᠷ ᠢᠶᠠᠨ ᠠᠵᠠ ᠲᠣᠭᠢᠶᠠᠯ ᠢ ᠠᠳᠬᠤᠵᠤ᠂ ᠰᠡᠳᠬᠢᠮᠵᠢ ᠣᠶᠢᠯᠠᠭᠠᠭᠳᠠᠬᠤᠨ ᠢᠶᠠᠨ | ᠬᠤᠪᠢᠷᠠᠭᠤᠯᠵᠤ᠂ ᠰᠢᠨ᠎ᠡ ᠮᠡᠷᠭᠡᠵᠢᠯ ᠢ ᠢᠳᠡᠪᠬᠢᠲᠡᠢ ᠰᠤᠷᠤᠯᠴᠠᠵᠤ᠂ ᠰᠢᠨ᠎ᠡ ᠡᠵᠡᠩᠨᠡᠯᠲᠡ ᠶᠢᠨ ᠭᠡᠯᠪᠡᠷᠢ ᠶᠢ | ᠬᠥᠭᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠰᠢᠨ᠎ᠡ ᠵᠠᠮ ᠢ | ᠨᠡᠭᠡᠭᠡᠬᠦ ᠬᠡᠷᠡᠭᠲᠡᠢ︾ ᠭᠡᠵᠦ ᠲᠢᠩ · ᠪᠠᠭᠠᠲᠤᠷ ᠶᠠᠷᠢᠨ᠎ᠠ᠃ | ᠤᠬᠠᠭᠤᠯᠤᠨ ᠲᠠᠶᠢᠯᠪᠤᠷᠢᠯᠠᠬᠤ ᠶᠠᠪᠤᠴᠠ ᠳᠤ ᠲᠤᠬᠠᠢ ᠶᠢᠨ ᠲᠠᠯᠠᠪᠤᠷ ᠲᠤ ᠪᠠᠶᠢᠭᠰᠠᠨ ᠬᠥᠮᠥᠰ ᠰᠡᠳᠬᠢᠯ ᠰᠠᠨᠠᠭ᠎ᠠ ᠪᠠᠨ | ᠲᠥᠪᠯᠡᠷᠡᠭᠦᠯᠵᠦ᠂ ᠬᠠᠶᠠ ᠲᠣᠯᠣᠭᠠᠢ ᠳᠣᠬᠢᠨ ᠵᠥᠪᠰᠢᠶᠡᠷᠡᠵᠦ᠂ ᠬᠠᠶ᠋ᠨ ᠭᠦᠨ ᠰᠡᠳᠬᠢᠵᠦ ᠪᠣᠳᠣᠯᠭᠠᠰᠢᠷᠠᠨᠠ᠃ | ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠬᠤᠶᠢᠨ᠎ᠠ ᠤᠯᠠᠨ ᠢᠶᠠᠷ ᠢᠶᠠᠨ ᠲᠢᠩ · ᠪᠠᠭᠠᠲᠤᠷ ᠠᠴᠠ ᠠᠰᠠᠭᠤᠯᠲᠠ | ᠠᠰᠠᠭᠤᠪᠠ᠃ ᠠᠷᠤ ᠠᠷᠤ ᠠᠴᠠ ᠪᠠᠨ ᠠᠰᠠᠭᠤᠭᠰᠠᠨ ᠠᠰᠠᠭᠤᠯᠲᠠ ᠳᠤ ᠲᠢᠩ · ᠪᠠᠭᠠᠲᠤᠷ ᠮᠠᠰᠢ ᠬᠦᠯᠢᠴᠡᠩᠭᠦᠢ ᠨᠢᠭᠡᠳ | ᠨᠢᠭᠡ ᠪᠠᠷ ᠬᠠᠷᠢᠭᠤᠯᠵᠤ ᠥᠭᠴᠡᠢ᠃ ᠤᠯᠠᠨ ᠢᠶᠠᠷ ᠢᠶᠠᠨ᠂ ᠥᠨᠥᠳᠥᠷ ᠤᠨ ᠤᠬᠠᠭᠤᠯᠤᠨ ᠲᠠᠶᠢᠯᠪᠤᠷᠢᠯᠠᠬᠤ ᠶᠢ | ᠰᠣᠨᠣᠰᠤᠭᠠᠳ ᠳᠣᠲᠣᠷ᠎ᠠ ᠪᠠᠨ ᠨᠡᠩ ᠲᠤᠭ᠎ᠠ ᠲᠠᠢ ᠪᠣᠯᠵᠤ᠂ ᠢᠷᠡᠭᠡᠳᠦᠢ ᠶᠢᠨ ᠠᠮᠢᠳᠤᠷᠠᠯ ᠳᠠᠭᠠᠨ ᠢᠲᠡᠭᠡᠯ ᠳᠦᠭᠦᠷᠡᠩ | ᠪᠣᠯᠣᠯ᠎ᠠ ᠭᠡᠵᠦ ᠢᠯᠡᠳᠬᠡᠵᠡᠭᠡᠪᠡ᠃ | ︽ᠮᠠᠨ ᠤ ᠠᠬᠠᠮᠠᠳ ᠱᠦᠵᠢ ᠶᠢᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ ᠪᠢ ᠲᠤᠶᠢᠯ ᠢᠶᠠᠷ | ᠤᠷᠮᠠᠰᠢᠨ ᠵᠣᠷᠢᠭᠵᠢᠪᠠ᠃ ᠬᠤᠶᠢᠰᠢᠳᠠ ᠪᠢᠳᠡ ᠦᠷᠭᠦᠯᠵᠢᠯᠡᠨ ᠠᠵᠤ ᠦᠢᠯᠡᠰ ᠢᠶᠠᠨ ᠬᠥᠭᠵᠢᠭᠦᠯᠦᠨ ᠮᠠᠨᠳᠤᠭᠤᠯᠬᠤ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠭᠠᠴᠠᠭᠠᠨ ᠤ | ᠮᠠᠯᠴᠢᠳ ᠢᠶᠠᠨ ᠳᠠᠭᠠᠭᠤᠯᠤᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ | ᠪᠠᠶᠢᠭᠠᠳ ᠨᠤᠲᠤᠭ ᠤᠰᠤ ᠪᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ᠃ ᠬᠤᠶᠢᠰᠢᠳᠠ | ᠪᠢᠳᠡ ᠦᠷᠭᠦᠯᠵᠢᠯᠡᠨ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠠᠶᠢᠨ | ᠰᠠᠶᠢᠬᠠᠨ ᠠᠮᠢᠳᠤᠷᠠᠯ ᠲᠡᠶᠢᠰᠢ ᠲᠣᠮᠣ ᠠᠯᠬᠤᠮ ᠢᠶᠠᠷ ᠤᠷᠤᠭᠰᠢᠯᠠᠨ᠎ᠠ︾ ᠭᠡᠵᠦ ᠰᠠᠷᠠᠭᠤᠯᠲᠤᠶᠠᠭ᠎ᠠ ᠭᠠᠴᠠᠭᠠᠨ ᠤ | ᠨᠠᠮ ᠤᠨ ᠡᠭᠦᠷ ᠤᠨ ᠱᠦᠵᠢ᠂ ᠵᠥᠪᠯᠡᠯ ᠤᠨ ᠡᠷᠭᠢᠯᠡᠭᠴᠢ ᠲᠡᠮᠦᠷᠬᠦᠦ ᠰᠡᠳᠬᠢᠯ ᠳᠣᠭᠳᠣᠯᠤᠨ ᠬᠡᠯᠡᠨ᠎ᠡ᠃ | ᠬᠤᠩᠭᠤᠷᠭᠤᠣᠯ ᠪᠠᠯᠭᠠᠰᠤᠨ ᠤ ᠮᠠᠯᠴᠢᠨ ᠮᠢᠩᠭᠠᠨᠪᠠᠶᠠᠷ᠂ ᠠᠬᠠᠮᠠᠳ ᠨᠠᠮ ᠤᠨ ᠡᠭᠦᠷ ᠤᠨ ᠱᠦᠵᠢ ᠮᠠᠨ ᠤ | ᠥᠷᠭᠡᠨ ᠤᠯᠠᠨ ᠮᠠᠯᠴᠢᠨ ᠲᠦᠮᠡᠨ ᠤ ᠰᠡᠳᠬᠢᠯ ᠤᠨ ᠦᠭᠡ ᠶᠢ ᠪᠡᠭᠡᠵᠢᠩ ᠳᠤ ᠠᠪᠠᠴᠢᠵᠤ᠂ ᠨᠠᠮ ᠤᠨ ᠲᠥᠪ | ᠬᠤᠷᠢᠶ᠎ᠠ ᠶᠢᠨ ᠬᠠᠶᠢᠷ᠎ᠠ ᠬᠠᠯᠠᠮᠵᠢ ᠶᠢ ᠲᠠᠯ᠎ᠠ ᠨᠤᠲᠤᠭ ᠲᠤ ᠠᠪᠴᠢᠷᠠᠭᠰᠠᠨ ᠳᠤ ᠪᠢ ᠶᠡᠬᠡᠳᠡ ᠵᠣᠷᠢᠭᠵᠢᠪᠠ᠃ ᠮᠠᠨ ᠤ | ᠭᠠᠴᠠᠭᠠᠨ ᠳᠤ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠪᠠᠷ ᠣᠷᠣᠰᠢᠵᠤ᠂ ᠲᠠᠯ᠎ᠠ ᠨᠤᠲᠤᠭ ᠤᠨ ᠠᠮᠢ | ᠠᠬᠤᠢ ᠶᠢ ᠬᠠᠮᠠᠭᠠᠯᠠᠬᠤ ᠣᠶᠢᠯᠠᠭᠠᠭᠳᠠᠬᠤᠨ ᠠᠯᠢ ᠬᠡᠳᠦᠶᠢᠨ ᠬᠥᠮᠥᠰ ᠤᠨ ᠰᠡᠳᠬᠢᠯ ᠳᠤ ᠬᠠᠳᠠᠩᠰᠢᠵᠠᠢ᠃ ᠪᠢᠳᠡ | ᠦᠷᠭᠦᠯᠵᠢᠯᠡᠨ ᠲᠡᠮᠡᠴᠡᠵᠦ᠂ ᠨᠡᠩ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠨ᠎ᠡ ᠭᠡᠵᠦ ᠢᠯᠡᠳᠬᠡᠪᠡ᠃ | ᠲᠢᠩ · ᠪᠠᠭᠠᠲᠤᠷ ᠰᠣᠷᠪᠤᠯᠵᠢᠯᠠᠭ᠎ᠠ ᠬᠦᠯᠢᠶᠡᠬᠦ ᠳᠡᠭᠡᠨ᠄ ︽ᠪᠢᠳᠡ ᠮᠠᠯᠵᠢᠬᠤ ᠣᠷᠣᠨ ᠤ ᠪᠣᠳᠠᠲᠤ ᠪᠠᠶᠢᠳᠠᠯ ᠠᠴᠠ | ᠡᠭᠦᠰᠴᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠭᠤᠶᠢᠪᠢᠰᠢ | ᠦᠭᠡᠢ ᠵᠠᠮᠨᠠᠵᠤ᠂ ᠰᠡᠳᠬᠢᠮᠵᠢ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠴᠥᠭᠡᠨ ᠲᠡᠵᠢᠭᠡᠵᠦ ᠰᠢᠯᠢᠳᠡᠭ ᠲᠡᠵᠢᠭᠡᠬᠦ ᠪᠠᠷ | ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠵᠤ᠂ ᠲᠠᠯ᠎ᠠ ᠨᠤᠲᠤᠭ ᠤᠨ ᠠᠮᠢ ᠠᠬᠤᠢ ᠶᠢ ᠰᠠᠶᠢᠲᠤᠷ ᠬᠠᠮᠠᠭᠠᠯᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠶᠡᠭᠡ ᠠᠯᠬᠤᠮ ᠢᠶᠠᠷ ᠤᠷᠤᠭᠰᠢᠯᠠᠵᠤ᠂ | ᠣᠳᠣᠬᠢᠴᠢᠯᠠᠭᠰᠠᠨ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠳᠤ ᠳᠠᠭᠢᠨ ᠰᠢᠨ᠎ᠡ ᠭᠠᠪᠢᠶ᠎ᠠ | ᠪᠠᠶᠢᠭᠤᠯᠤᠨ᠎ᠠ︾ ᠭᠡᠪᠡ᠃ | |