ᠣᠷᠴᠢᠮ ᠤᠨ ᠵᠢᠯ ᠤᠳ ᠲᠤ᠂ ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠬᠦ ᠨᠣᠷᠮ᠎ᠠ ᠠᠭᠠᠵᠢᠮ ᠢᠶᠠᠷ | ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠃ ᠡᠭᠦᠨ ᠤ ᠳᠣᠲᠣᠷ᠎ᠠ ᠵᠢᠷᠦᠬᠡᠨ ᠲᠢᠲᠢᠮ ᠤᠨ ᠡᠪᠡᠳᠴᠢᠨ ᠤ ᠨᠢᠭᠡ ᠶᠡᠭᠡ | ᠠᠶᠤᠯᠲᠤ ᠡᠯᠧᠮᠧᠨ᠋ᠲ ᠪᠣᠯ ᠲᠢᠲᠢᠮᠯᠢᠭ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ ᠴᠢᠨᠠᠷᠲᠠᠢ ᠵᠢᠷᠦᠬᠡᠨ | ᠡᠪᠡᠳᠴᠢᠨ ᠪᠦᠷᠢᠯᠳᠦᠬᠦ ᠪᠣᠯᠣᠨ᠎ᠠ᠂ ᠲᠡᠭᠦᠨ ᠤ ᠭᠤᠣᠯ ᠰᠢᠯᠲᠠᠭᠠᠨ ᠨᠢ ᠴᠢᠰᠤᠨ ᠰᠤᠳᠠᠯ ᠤᠨ ᠳᠣᠲᠣᠷ ᠬᠥᠷᠥᠰᠥ | ᠭᠡᠮᠲᠦᠭᠰᠡᠨ ᠠᠴᠠ ᠪᠣᠯᠤᠭᠰᠠᠨ ᠶᠤᠮ᠃ ᠡᠨᠡ ᠬᠦ ᠡᠪᠡᠳᠴᠢᠨ ᠤ ᠵᠦᠢ ᠶᠢᠨ ᠶᠠᠪᠤᠴᠠ ᠨᠢ ᠴᠢᠮᠡᠭᠡ ᠠᠨᠢᠷ ᠦᠭᠡᠢ | ᠪᠣᠯᠪᠠᠴᠤ ᠵᠢᠷᠦᠬᠡᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠰᠦᠷᠳᠡᠭᠦᠯᠦᠯ ᠪᠣᠯᠳᠠᠭ᠃ ᠡᠭᠦᠨ ᠠᠴᠠ ᠭᠠᠳᠠᠨ᠎ᠠ᠂ | ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ᠂ ᠴᠢᠰᠤᠨ ᠥᠭᠡᠬᠦ ᠥᠨᠳᠥᠷ᠂ ᠲᠠᠮᠠᠬᠢ ᠲᠠᠲᠠᠬᠤ᠂ ᠮᠠᠷᠢᠶᠠᠯᠠᠬᠤ᠂ | ᠰᠥᠨᠢ ᠳᠦᠯᠢᠬᠦ᠂ ᠳᠠᠷᠤᠯᠲᠠ ᠶᠡᠭᠡ᠂ ᠮᠠᠭᠤ ᠢᠳᠡᠭᠡᠨ ᠤᠮᠳᠠᠭᠠᠨ ᠢᠳᠡᠬᠦ᠂ ᠵᠢᠷᠮᠦᠰᠦᠯᠡᠬᠦ ᠶᠢ ᠬᠤᠷᠢᠭᠯᠠᠬᠤ ᠡᠮ | ᠤᠤᠭᠤᠬᠤ ᠵᠡᠷᠭᠡ ᠡᠯᠧᠮᠧᠨ᠋ᠲ ᠨᠢ ᠪᠠᠰᠠ ᠵᠢᠷᠦᠬᠡ ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠶᠢ | ᠨᠡᠮᠡᠭᠳᠡᠭᠦᠯᠦᠨ᠎ᠡ᠃ | ᠡᠩ ᠤᠨ ᠣᠶᠢᠶ᠎ᠠ ᠳᠤ ᠶᠠᠭᠠᠬᠢᠵᠤ ᠵᠢᠷᠦᠬᠡ ᠪᠠᠨ ᠬᠠᠮᠠᠭᠠᠯᠠᠬᠤ ᠪᠣᠢ︖ | 1. ᠰᠠᠶᠢᠨ ᠤᠨᠲᠠᠬᠤ ᠬᠡᠷᠡᠭᠲᠡᠢ᠃ ᠤᠨᠲᠠᠭᠰᠠᠨ ᠪᠠᠶᠢᠳᠠᠯ ᠳᠣᠣᠷ᠎ᠠ᠂ ᠬᠥᠮᠥᠨ ᠤ ᠵᠢᠷᠦᠬᠡ ᠰᠡᠷᠭᠡᠭ ᠪᠠᠶᠢᠬᠤ | ᠦᠶ᠎ᠡ ᠶᠢᠨ ᠬᠢ ᠠᠴᠠ ᠪᠠᠨ ᠮᠢᠨᠦ᠋ᠲ ᠪᠦᠷᠢ ᠳᠤ 10 ~ 30 ᠤᠳᠠᠭ᠎ᠠ ᠳᠤᠲᠠᠭᠤ ᠴᠤᠬᠢᠯᠳᠠᠭ᠃ ᠤᠷᠲᠤ | ᠬᠤᠭᠤᠴᠠᠭ᠎ᠠ ᠪᠠᠷ ᠰᠥᠨᠢ ᠳᠦᠯᠢᠪᠡᠯ ᠪᠣᠳᠠᠰ ᠤᠨ ᠰᠣᠯᠢᠯᠴᠠᠭ᠎ᠠ ᠰᠠᠮᠠᠭᠤᠷᠠᠵᠤ᠂ ᠮᠡᠳᠡᠷᠡᠯ ᠬᠥᠭᠡᠷᠴᠦ᠂ ᠵᠢᠷᠦᠬᠡᠨ | ᠴᠣᠬᠢᠯᠭ᠎ᠠ ᠲᠦᠷᠭᠡᠰᠴᠦ᠂ ᠵᠢᠷᠦᠬᠡᠨ ᠤ ᠳᠠᠷᠤᠭᠠᠰᠤ ᠶᠢ ᠨᠡᠮᠡᠭᠳᠡᠭᠦᠯᠳᠡᠭ᠃ ᠡᠶᠢᠮᠦ ᠠᠴᠠ᠂ ᠵᠢᠷᠦᠬᠡ ᠶᠢ ᠬᠠᠮᠠᠭᠠᠯᠠᠬᠤ ᠳᠤ | ᠡᠩ ᠲᠡᠷᠢᠭᠦᠨ ᠳᠤ ᠭᠦᠢᠴᠡᠳ ᠤᠨᠲᠠᠬᠤ ᠶᠢ ᠪᠠᠲᠤᠯᠠᠬᠤ ᠬᠡᠷᠡᠭᠲᠡᠢ᠃ | 2. ᠴᠢᠰᠤᠨ ᠳᠠᠷᠤᠯᠲᠠ ᠪᠠᠨ ᠬᠢᠵᠠᠭᠠᠷᠯᠠᠬᠤ ᠬᠡᠷᠡᠭᠲᠡᠢ᠃ ᠴᠢᠰᠤᠨ ᠳᠠᠷᠤᠯᠲᠠ ᠥᠨᠳᠥᠷ ᠪᠣᠯᠪᠠᠯ ᠵᠢᠷᠦᠬᠡᠨ | ᠴᠣᠬᠢᠯᠭ᠎ᠠ ᠲᠦᠷᠭᠡᠰᠳᠡᠭ᠂ ᠴᠢᠰᠤᠨ ᠳᠠᠷᠤᠯᠲᠠ ᠤᠷᠲᠤ ᠬᠤᠭᠤᠴᠠᠭ᠎ᠠ ᠪᠠᠷ ᠲᠣᠭᠲᠠᠭᠤᠨ ᠪᠤᠰᠤ ᠪᠣᠯᠪᠠᠯ ᠵᠢᠷᠦᠬᠡᠨ | ᠪᠤᠯᠴᠢᠩ ᠵᠤᠵᠠᠭᠠᠷᠠᠨ᠂ ᠵᠢᠷᠦᠬᠡᠨ ᠬᠤᠪᠲᠣᠯ ᠲᠣᠮᠣᠷᠠᠳᠠᠭ᠃ ᠡᠶᠢᠮᠦ ᠠᠴᠠ ᠵᠢᠷᠦᠬᠡ ᠶᠢ ᠬᠠᠮᠠᠭᠠᠯᠠᠬᠤ ᠶᠢᠨ ᠵᠠᠩᠭᠢᠯᠠᠭ᠎ᠠ | ᠨᠢ ᠴᠢᠰᠤᠨ ᠳᠠᠷᠤᠯᠲᠠ ᠶᠢ ᠬᠢᠵᠠᠭᠠᠷᠯᠠᠬᠤ ᠶᠠᠪᠤᠳᠠᠯ ᠪᠣᠯᠣᠨ᠎ᠠ᠃ | 3. ᠲᠠᠮᠠᠬᠢ ᠪᠠᠨ ᠵᠣᠭᠰᠣᠬᠤ ᠬᠡᠷᠡᠭᠲᠡᠢ᠃ ᠬᠡᠳᠦᠢ ᠨᠠᠰᠤ ᠲᠠᠢ ᠴᠤ ᠬᠠᠮᠢᠶ᠎ᠠ ᠦᠭᠡᠢ ᠤᠷᠲᠤ ᠬᠤᠭᠤᠴᠠᠭ᠎ᠠ ᠪᠠᠷ | ᠲᠠᠮᠠᠬᠢ ᠲᠠᠲᠠᠪᠠᠯ ᠵᠢᠷᠦᠬᠡᠨ ᠪᠤᠯᠴᠢᠩ ᠤᠨ ᠲᠦᠭᠵᠢᠷᠡᠯ ᠤᠨ ᠲᠦᠭᠰᠢᠭᠦᠷᠢ ᠶᠢ 7 ᠳᠠᠬᠢᠨ ᠨᠡᠮᠡᠭᠳᠡᠭᠦᠯᠳᠡᠭ᠃ | ᠡᠶᠢᠮᠦ ᠠᠴᠠ᠂ ᠵᠢᠷᠦᠬᠡᠨ ᠤ ᠪᠠᠨ ᠡᠷᠡᠭᠦᠯ ᠮᠡᠨᠳᠦ ᠶᠢᠨ ᠲᠥᠯᠥᠭᠡ ᠬᠡᠵᠢᠶ᠎ᠡ ᠲᠠᠮᠠᠬᠢ ᠪᠠᠨ ᠵᠣᠭᠰᠣᠭᠰᠠᠨ ᠴᠤ | ᠣᠷᠦ᠋ᠢᠲᠠᠬᠤ ᠦᠭᠡᠢ᠂ ᠪᠠᠰᠠ ᠬᠠᠭᠤᠴᠢᠨ ᠲᠠᠮᠠᠬᠢ ᠲᠠᠲᠠᠬᠤ ᠠᠴᠠ ᠵᠠᠶᠢᠯᠠᠰᠬᠢᠬᠦ ᠬᠡᠷᠡᠭᠲᠡᠢ᠃ | 4. ᠵᠣᠬᠢᠬᠤ ᠬᠡᠮᠵᠢᠶᠡᠨ ᠤ ᠬᠦᠴᠢᠯᠲᠥ᠋ᠷᠥᠭᠴᠢᠲᠦ ᠬᠥᠳᠡᠯᠭᠡᠭᠡᠨ ᠬᠢᠬᠦ ᠬᠡᠷᠡᠭᠲᠡᠢ᠃ ᠬᠦᠴᠢᠯᠲᠥ᠋ᠷᠥᠭᠴᠢᠲᠦ | ᠬᠥᠳᠡᠯᠭᠡᠭᠡᠨ ᠨᠢ ᠵᠢᠷᠦᠬᠡ ᠠᠭᠤᠰᠬᠢᠨ ᠤ ᠠᠵᠢᠯᠯᠠᠭ᠎ᠠ ᠶᠢ ᠳᠡᠭᠡᠭᠰᠢᠯᠡᠭᠦᠯᠵᠦ᠂ ᠵᠢᠷᠦᠬᠡᠨ ᠪᠤᠯᠴᠢᠩ ᠳᠤ ᠭᠦᠢᠴᠡᠳ | ᠬᠦᠴᠢᠯᠲᠥ᠋ᠷᠥᠭᠴᠢ ᠬᠠᠩᠭᠠᠵᠤ᠂ ᠵᠢᠷᠦᠬᠡᠨ ᠤ ᠡᠷᠡᠭᠦᠯ ᠮᠡᠨᠳᠦ ᠶᠢ ᠬᠠᠮᠠᠭᠠᠯᠠᠳᠠᠭ᠃ ᠠᠭᠠᠵᠢᠮ ᠭᠦᠶᠦᠬᠦ᠂ ᠬᠤᠷᠳᠤᠨ | ᠠᠯᠬᠤᠬᠤ᠂ ᠳᠤᠭᠤᠢ ᠤᠨᠤᠬᠤ᠂ ᠤᠮᠪᠠᠭᠤ᠂ ᠪᠥᠮᠪᠦᠭᠡ ᠨᠠᠭᠠᠳᠬᠤ᠂ ᠨᠡᠷᠡᠬᠦᠢ ᠨᠢᠳᠤᠷᠭ᠎ᠠ᠂ ᠨᠠᠢᠮᠠᠲᠤ ᠬᠥᠳᠡᠯᠭᠡᠭᠡᠨ | ᠵᠡᠷᠭᠡ ᠶᠢ ᠬᠢᠭᠡᠷᠡᠢ᠃ | 5. ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ᠃ ᠰᠤᠳᠤᠯᠭᠠᠨ ᠠᠴᠠ ᠦᠵᠡᠪᠡᠯ᠂ ᠬᠡᠲᠦᠷᠡᠲᠡᠯ᠎ᠡ ᠢᠳᠡᠵᠦ | ᠤᠤᠭᠤᠭᠰᠠᠨ ᠬᠤᠶᠠᠷ ᠴᠠᠭ ᠤᠨ ᠳᠣᠲᠣᠷ᠎ᠠ ᠵᠢᠷᠦᠬᠡ ᠴᠢᠰᠤᠨ ᠰᠤᠳᠠᠯ ᠤᠨ ᠡᠪᠡᠳᠴᠢᠨ ᠡᠮᠭᠡᠭ ᠤᠨ ᠲᠦᠭᠰᠢᠭᠦᠷᠢ 4 | ᠳᠠᠬᠢᠨ ᠳᠡᠭᠡᠭᠰᠢᠯᠡᠳᠡᠭ᠂ ᠶᠡᠭᠡ ᠬᠡᠮᠵᠢᠶ᠎ᠡ ᠪᠠᠷ ᠠᠷᠢᠬᠢ ᠤᠤᠭᠤᠬᠤ ᠪᠤᠶᠤ ᠥᠭᠡᠬᠦ ᠶᠡᠬᠡᠲᠡᠢ ᠢᠳᠡᠭᠡᠨ ᠢᠳᠡᠪᠡᠯ | ᠴᠢᠰᠤᠨ ᠤ ᠥᠭᠡᠬᠦ ᠶᠢ ᠥᠨᠳᠥᠷᠵᠢᠭᠦᠯᠵᠦ᠂ ᠴᠢᠰᠤ ᠶᠢ ᠥᠳᠬᠡᠷᠡᠭᠦᠯᠵᠦ᠂ ᠵᠢᠷᠦᠬᠡᠨ ᠪᠤᠯᠴᠢᠩ ᠤᠨ ᠲᠦᠭᠵᠢᠷᠡᠯ ᠤᠨ | ᠲᠦᠭᠰᠢᠭᠦᠷᠢ ᠶᠢ ᠨᠡᠮᠡᠭᠳᠡᠭᠦᠯᠳᠡᠭ᠃ ᠡᠶᠢᠮᠦ ᠠᠴᠠ ᠢᠳᠡᠭᠡᠨ ᠤᠮᠳᠠᠭᠠᠨ ᠤ ᠬᠡᠪ ᠤᠨ ᠳᠠᠳᠬᠠᠯ ᠢ ᠪᠠᠷᠢᠮᠲᠠᠯᠠᠵᠤ᠂ ᠰᠢᠮ᠎ᠡ | ᠲᠡᠵᠢᠭᠡᠯ ᠢᠶᠠᠨ ᠲᠡᠩᠴᠡᠭᠦᠯᠦᠨ᠂ ᠢᠯᠴᠢ ᠶᠢ ᠬᠢᠵᠠᠭᠠᠷᠯᠠᠵᠤ᠂ ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ᠃ |