ᠰᠢᠨ᠎ᠡ ᠨᠢᠭᠡ ᠵᠢᠯ ᠤᠨ ᠠᠵᠢᠯ ᠤᠨ ᠴᠢᠭᠯᠡᠯ ᠢ ᠲᠣᠳᠣᠷᠬᠠᠶᠢᠯᠠᠵᠤ᠂ ᠮᠠᠯᠵᠢᠯ ᠤᠨ ᠲᠠᠯᠠᠪᠠᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 14 ᠤ ᠡᠳᠦᠷ᠂ ᠮᠣᠳᠣᠨ ᠮᠠᠯᠵᠢᠯ ᠤᠨ ᠲᠠᠯᠠᠪᠠᠶ | 2025 ᠣᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠮᠠᠯᠵᠢᠯ ᠤᠨ ᠲᠠᠯᠠᠪᠠᠢ ᠶᠢᠨ | ᠳᠠᠷᠤᠭ᠎ᠠ ᠦᠨᠡᠨᠴᠢ ᠨᠥᠬᠦᠷ ᠬᠤᠷᠠᠯ ᠢ ᠡᠷᠬᠢᠯᠡᠵᠥ᠂ ᠪᠠᠭ ᠤᠨ ᠪᠦᠷᠢᠯᠳᠦᠬᠦᠨ ᠵᠢᠴᠢ ᠡᠯ᠎ᠡ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠲᠠᠯᠠᠪᠠᠶ ᠶᠢᠨ ᠳᠠᠷᠤᠭ᠎ᠠ ᠦᠨᠡᠨᠴᠢ ᠨᠥᠬᠦᠷ ᠡᠩ | ᠲᠡᠷᠢᠭᠦᠨ ᠳᠤ ᠥᠩᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠶᠢ ᠨᠤᠲᠠᠯᠠᠵᠤ᠂ ᠳᠠᠷᠠᠭ᠎ᠠ ᠨᠢ 2025 ᠣᠨ ᠤ | ᠠᠵᠢᠯ ᠤᠨ ᠬᠠᠷᠠᠯᠲᠠ ᠶᠢᠨ ᠲᠣᠭᠤᠷᠢᠨ ᠳᠤ ᠨᠠᠷᠢᠨ ᠪᠠᠶᠢᠷᠢᠯᠠᠭᠤᠯᠤᠯᠲᠠ ᠬᠢᠪᠡ᠄ ᠠᠶᠤᠯᠭᠦᠢ ᠦᠢᠯᠡᠳᠪᠦᠷᠢᠯᠡᠯ ᠤᠨ | ᠲᠠᠯ᠎ᠠ ᠪᠠᠷ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ | ᠰᠡᠳᠬᠢᠬᠦᠢ ᠶᠢ ᠴᠢᠩᠭᠠᠳᠬᠠᠵᠤ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ | ᠪᠠᠷ ᠭᠤᠣᠯ ᠪᠣᠯᠭᠠᠵᠤ᠂ ᠶᠡᠷᠦᠩᠬᠡᠶᠢᠯᠡᠨ ᠵᠠᠰᠠᠬᠤ︾ ᠦᠵᠡᠯ ᠰᠠᠨᠠᠭ᠎ᠠ ᠶᠢ ᠪᠤᠢ ᠪᠣᠯᠭᠠᠵᠤ᠂ ᠠᠵᠢᠯᠳᠠᠨ ᠠᠵᠢᠯᠴᠢᠨ ᠤ | ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠮᠠᠯᠵᠢᠯ ᠤᠨ ᠲᠠᠯᠠᠪᠠᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ︔ ᠠᠵᠤ ᠦᠢᠯᠡᠰ ᠤᠨ | ᠬᠥᠭᠵᠢᠯᠲᠡ ᠶᠢᠨ ᠲᠠᠯ᠎ᠠ ᠪᠠᠷ᠂ ᠬᠥᠭᠵᠢᠭᠦᠯᠦᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠷᠢᠮᠲᠠᠯᠠᠵᠤ᠂ ᠶᠠᠰᠤ ᠴᠢᠨᠠᠷ | ᠦᠷ᠎ᠡ ᠠᠰᠢᠭ ᠢ ᠴᠢᠬᠤᠯᠠᠴᠢᠯᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ | ᠪᠤᠵᠠᠭᠠᠶᠢᠷᠠᠭᠤᠯᠬᠤ ᠬᠡᠷᠡᠭᠲᠡᠢ︔ ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ᠂ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠣᠷᠴᠢᠨ | ᠲᠣᠭᠤᠷᠢᠨ ᠤ ᠵᠠᠰᠠᠯᠲᠠ ᠶᠢᠨ ᠡᠷᠴᠢᠮ ᠢ ᠴᠢᠩᠭᠠᠷᠠᠭᠤᠯᠵᠤ᠂ ᠮᠠᠯᠵᠢᠯ ᠤᠨ ᠲᠠᠯᠠᠪᠠᠢ ᠶᠢᠨ ᠬᠥᠬᠡᠮᠳᠦᠭ ᠨᠣᠭᠤᠭᠠᠨ | ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠬᠤ ᠬᠡᠷᠡᠭᠲᠡᠢ︔ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ | ᠲᠥᠷᠥᠯ ᠵᠦᠢᠯ ᠤᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠡᠬᠢ | ᠪᠠᠶᠠᠯᠢᠭ ᠢ ᠭᠤᠤᠯᠳᠠᠯᠭ᠎ᠠ ᠲᠠᠢ ᠲᠤᠬᠠᠶᠢᠯᠠᠭᠰᠠᠨ ᠠᠵᠢᠯ᠂ ᠵᠠᠩᠭᠢᠯᠠᠭ᠎ᠠ ᠶᠢᠨ ᠲᠥᠷᠥᠯ ᠵᠦᠢᠯ ᠳᠠᠰᠢ ᠬᠡᠯᠪᠠᠶᠢᠯᠭᠡᠬᠦ ᠶᠢ | ᠦᠨᠡᠨᠬᠦ ᠪᠠᠲᠤᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠴᠢᠬᠤᠯᠠ ᠪᠥᠬᠦᠶ᠂ ᠵᠦᠶ | ᠵᠣᠬᠢᠰᠲᠠᠶ ᠲᠣᠬᠢᠷᠠᠭᠤᠯᠤᠯᠲᠠ ᠬᠢᠬᠦ ᠬᠡᠷᠡᠭᠲᠡᠶ︔ ᠰᠠᠯᠠᠭ᠎ᠠ ᠮᠥᠴᠢᠷ ᠤᠨ ᠬᠠᠮᠵᠢᠯᠴᠠᠭ᠎ᠠ ᠶᠢᠨ ᠲᠠᠯ᠎ᠠ ᠪᠠᠷ᠂ ᠡᠯ᠎ᠡ | ᠰᠠᠯᠠᠭ᠎ᠠ ᠮᠥᠴᠢᠷ ᠤᠳ ᠬᠤᠭᠤᠷᠣᠨᠳᠣ ᠪᠠᠨ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ | ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠮᠡᠳᠡᠭᠡ ᠵᠠᠩᠭᠢ ᠶᠢ | ᠬᠠᠷᠢᠯᠴᠠᠨ ᠨᠡᠪᠲᠡᠷᠡᠯᠴᠡᠬᠦ ᠵᠡᠷᠭᠡ ᠲᠠᠯ᠎ᠠ ᠪᠠᠷ ᠰᠣᠯᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠯᠲᠡ ᠶᠢᠨ | ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠬᠠᠮᠲᠤᠪᠠᠷ ᠰᠢᠢᠳᠪᠦᠷᠢᠯᠡᠬᠦ ᠬᠡᠷᠡᠭᠲᠡᠢ ᠭᠡᠪᠡ᠃ | ᠡᠯ᠎ᠡ ᠰᠠᠯᠠᠭ᠎ᠠ ᠳᠠᠰᠤᠭ ᠤᠨ ᠬᠠᠷᠢᠭᠤᠴᠠᠯᠭᠠᠲᠠᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠤᠬᠠᠢ | ᠣᠪᠣᠷ ᠢᠶᠠᠨ ᠢᠯᠡᠳᠬᠡᠬᠦ ᠦᠭᠡ ᠬᠡᠯᠡᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠬᠠᠮᠵᠢᠯᠴᠠᠨ ᠬᠠᠮᠲᠤᠷᠠᠯᠴᠠᠵᠤ᠂ ᠡᠯ᠎ᠡ ᠵᠦᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠨ᠎ᠠ ᠭᠡᠵᠦ | ᠢᠯᠡᠳᠬᠡᠪᠡ᠃ | ᠲᠤᠰ ᠤᠳᠠᠭ᠎ᠠ ᠶᠢᠨ ᠬᠤᠷᠠᠯ ᠨᠢ ᠮᠣᠳᠣᠨ ᠮᠠᠯᠵᠢᠯ ᠤᠨ ᠲᠠᠯᠠᠪᠠᠢ ᠶᠢᠨ 2025 ᠣᠨ ᠤ ᠠᠵᠢᠯ ᠤᠨ ᠴᠢᠭᠯᠡᠯ ᠢ | ᠲᠣᠭᠲᠠᠭᠠᠵᠤ᠂ ᠪᠦᠬᠦ ᠲᠠᠯᠠᠪᠠᠢ ᠪᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠲᠡᠮᠡᠴᠡᠯ ᠤᠨ | ᠵᠣᠷᠢᠭ ᠢᠶᠠᠷ ᠰᠢᠨ᠎ᠡ ᠨᠢᠭᠡ ᠵᠢᠯ ᠤᠨ ᠠᠵᠢᠯ ᠳᠤ ᠣᠷᠣᠯᠴᠠᠵᠤ᠂ ᠶᠡᠭᠡ ᠲᠠᠯ᠎ᠠ ᠶᠢᠨ ᠤᠬᠠᠮᠰᠠᠷ ᠪᠠ ︽ᠨᠢᠭᠡ ᠬᠥᠯᠭᠡ | ᠰᠢᠲᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ | ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠮᠠᠯᠵᠢᠯ ᠤᠨ ᠲᠠᠯᠠᠪᠠᠢ ᠶᠢᠨ ᠴᠡᠴᠡᠭᠯᠡᠨ ᠬᠥᠭᠵᠢᠬᠦ | ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠨ᠎ᠠ︕ |