ᠰᠢᠯᠢ ᠶᠢᠨ ᠬᠤᠲᠠ ᠨᠢ ᠰᠢᠯᠢ ᠶᠢᠨ ᠭᠤᠣᠯ ᠠᠶᠢᠮᠠᠭ ᠤᠨ ᠲᠣᠮᠳᠠ ᠬᠡᠰᠡᠭ ᠂ ᠨᠡᠶᠢᠰᠯᠡᠯ ᠪᠡᠭᠡᠵᠢᠩ ᠤᠨ ᠠᠰ | ᠬᠤᠶᠢᠨ᠎ᠠ ᠲᠠᠯ᠎ᠠ ᠳᠤ ᠪᠠᠶᠢᠷᠢᠯᠠᠵᠤ ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠰᠠᠭᠤᠭ᠎ᠠ ᠭᠠᠵᠠᠷ᠂ | ᠪᠡᠭᠡᠵᠢᠩ᠂ ᠬᠦᠬᠡᠬᠤᠲᠠ᠂ ᠱᠧᠨᠶᠠᠩ ᠠᠴᠠ ᠲᠣᠰ ᠲᠣᠰ 460 ᠺᠢᠯᠣᠮᠧᠲᠷ᠂ 470 ᠺᠢᠯᠣᠮᠧᠲᠷ᠂ 620 | ᠺᠢᠯᠣᠮᠧᠲᠷ ᠵᠠᠢ ᠲᠠᠢ᠂ ᠪᠦᠸᠧᠬᠠᠢ ᠲᠠᠩᠬᠢᠰ ᠤᠨ ᠡᠷᠬᠢ ᠲᠠᠭᠠᠤ ᠠᠵᠤ ᠠᠬᠤᠢ ᠶᠢᠨ ᠲᠤᠭᠤᠷᠢᠭ ᠪᠠ ᠵᠡᠬᠦᠨ | ᠬᠤᠶᠢᠲᠤ ᠶᠢᠨ ᠠᠵᠤ ᠠᠬᠤᠢ ᠶᠢᠨ ᠲᠤᠭᠤᠷᠢᠭ ᠲᠤ ᠨᠡᠩ ᠰᠠᠶᠢᠨ ᠢᠶᠠᠷ ᠠᠭᠤᠰᠤᠯᠴᠠᠵᠤ ᠳᠡᠶᠢᠯᠦᠨ᠎ᠡ᠃ ᠮᠠᠨ ᠤ | ᠣᠯᠣᠰ ᠤᠨ ᠣᠷᠣᠰ᠂ ᠮᠣᠩᠭᠤᠯ ᠳᠤ ᠨᠡᠪᠲᠡᠷᠡᠬᠦ ᠬᠠᠭᠤᠷᠡᠢ ᠵᠠᠮ ᠤᠨ ᠭᠠᠷᠠᠮ ᠪᠣᠯᠬᠤ ᠡᠷᠢᠶᠡᠨ ᠬᠤᠲᠠ ᠪᠣᠯᠣᠨ | ᠵᠡᠭᠦᠨ ᠬᠠᠳᠠᠪᠴᠢ ᠠᠴᠠ ᠲᠣᠰᠪᠦᠷᠢ 300 ᠺᠢᠯᠣᠮᠧᠲᠷ ᠪᠠ 240 ᠺᠢᠯᠣᠮᠧᠲᠷ ᠵᠠᠢ ᠲᠠᠢ᠂ ᠶᠡᠷᠦᠩᠬᠡᠢ ᠲᠠᠯᠠᠪᠠᠢ ᠨᠢ | 14785 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ ᠡᠬᠦᠨ ᠤ ᠳᠤᠳᠤᠷ᠎ᠠ ᠨᠢᠭᠡᠨᠳᠡ ᠪᠡᠶᠢᠭᠤᠯᠤᠭᠳᠠᠭᠰᠠᠨ | ᠬᠤᠲᠠ ᠶᠢᠨ ᠲᠤᠭᠤᠷᠢᠭ ᠤᠨ ᠲᠠᠯᠠᠪᠠᠢ ᠨᠢ 37.5 ᠲᠡᠭᠰᠢ ᠲᠦᠷᠪᠡᠯᠵᠢᠨ ᠺᠢᠯᠤᠮᠧᠲᠷ᠂ ᠶᠡᠷᠦᠩᠬᠡᠢ ᠬᠦᠮᠦᠨ ᠠᠮᠠ | 26.7 ᠲᠦᠮᠡ ᠪᠠᠶᠢᠵᠣ᠂ ᠮᠤᠩᠭᠤᠯ ᠦᠨᠳᠦᠰᠦᠲᠡᠨ ᠢᠶᠠᠷ ᠭᠤᠤᠯ ᠴᠤᠭᠴᠠ ᠪᠤᠯᠭᠠᠭᠰᠠᠨ᠂ ᠬᠢᠲᠠᠳ ᠦᠨᠳᠦᠰᠦᠲᠡᠨ | ᠤᠯᠠᠩᠬᠢ ᠲᠤᠭ᠎ᠠ ᠶᠢ ᠡᠵᠡᠯᠡᠭᠰᠡᠨ᠂ ᠤᠯᠠᠨ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠬᠢᠯᠢ ᠬᠢᠵᠠᠭᠠᠷ ᠤᠨ | ᠴᠦᠬᠡᠨ ᠲᠤᠭᠠᠲᠤ ᠦᠨᠳᠦᠰᠦᠲᠡᠨ ᠤ ᠤᠷᠤᠨ ᠪᠠᠶᠢᠵᠣ᠂ ︽ᠲᠠᠯ᠎ᠠ ᠨᠤᠲᠤᠭ ᠤᠨ ᠬᠡᠷᠡᠯᠲᠦ ᠰᠤᠪᠤᠳ︾ ᠭᠡᠬᠦ | ᠭᠤᠶᠢᠲᠠ ᠨᠡᠷᠡᠶᠢᠳᠦᠯ ᠲᠠᠢ᠂ ︽ᠲᠣᠮᠳᠠᠳᠣ ᠶᠢᠨ ᠠᠳᠣᠭᠤᠨ ᠰᠣᠶᠣᠯ ᠤᠨ ᠲᠦᠪ︾ ᠤᠨ ᠲᠦᠪ ᠲᠤᠭᠤᠷᠢᠭ | ᠪᠣᠯᠣᠨ᠎ᠠ᠃ | ᠰᠢᠯᠢ ᠶᠢᠨ ᠬᠤᠲᠠ ᠪᠣᠯ ᠮᠣᠩᠭᠤᠯ ᠦᠨᠳᠦᠰᠦᠲᠡᠨ ᠤ ᠣᠯᠠᠮᠵᠢᠯᠠᠯᠲᠣ ᠰᠣᠶᠣᠯ ᠬᠠᠮᠤᠭ ᠪᠦᠷᠢᠨ ᠪᠦᠲᠦᠨ | ᠬᠠᠳᠠᠭᠠᠯᠠᠭᠳᠠᠵᠦ ᠪᠠᠶᠢᠭ᠎ᠠ ᠭᠠᠵᠠᠷ ᠣᠷᠣᠨ ᠤ ᠨᠢᠭᠡ ᠮᠦᠨ᠂ ᠲᠠᠯ᠎ᠠ ᠨᠣᠲᠤᠭ ᠤᠨ ᠦᠩᠭᠡ ᠦᠵᠡᠮᠵᠢ ᠦᠵᠡᠰᠬᠦᠯᠡᠩ | ᠰᠠᠶᠢᠬᠠᠨ᠂ ᠶᠤᠸᠠᠨ ᠤ ᠰᠣᠶᠣᠯ ᠤᠨ ᠠᠬᠤᠭᠤᠯᠤᠭᠳᠠᠬᠤᠨ ᠢᠶᠠᠷ ᠵᠤᠵᠠᠭᠠᠨ᠂ ᠠᠷᠠᠳ ᠤᠨ ᠰᠣᠶᠣᠯ ᠤᠷᠠᠯᠢᠭ ︽ | ᠴᠣᠭᠤᠷ ᠲᠠᠭᠤᠣ︾ ᠶᠢᠨ ᠡᠬᠢ ᠡᠭᠦᠰᠦᠯ ᠤᠨ ᠭᠠᠵᠠᠷ ᠪᠣᠯᠣᠨ᠎ᠠ᠃ ᠰᠢᠯᠢ ᠶᠢᠨ ᠬᠤᠲᠠ ᠶᠢᠨ ᠡᠬᠢ ᠪᠠᠶᠠᠯᠢᠭ ᠡᠯᠪᠡᠭ | ᠲᠡᠯᠪᠡᠭ᠂ ᠠᠰᠢᠭᠯᠠᠭᠳᠠᠵᠤ ᠪᠤᠯᠬᠤ ᠪᠠᠶᠢᠭᠠᠯᠢᠯᠢᠭ ᠬᠠᠳᠣᠯᠠᠩ ᠪᠡᠯᠴᠢᠭᠡᠷ 2054 ᠲᠦᠮᠡᠨ ᠮᠣ᠋᠂ ᠴᠢᠯᠠᠭᠤᠨ | ᠲᠤᠰᠤ᠂ ᠨᠠᠬᠦᠷᠠᠰᠣ᠂ ᠭᠧᠷᠮᠠᠨ ᠵᠡᠷᠭᠡ 30 ᠢᠯᠡᠬᠦᠤ ᠠᠭᠤᠷᠬᠠᠢ ᠶᠢᠨ ᠲᠦᠷᠦᠯ ᠲᠠᠢ᠂ ᠬᠠᠶᠢᠨ ᠮᠡᠳᠡᠭᠰᠡᠨ ᠬᠦᠷᠡᠩ | ᠨᠡᠭᠦᠷᠡᠰᠦᠨ ᠤ ᠬᠠᠳᠠᠭᠠᠯᠠᠭᠳᠠᠴᠠ 300 ᠳ᠋ᠦᠩᠰᠢᠭᠤᠷ ᠲᠤᠨ᠂ ᠬᠠᠶᠢᠨ ᠮᠡᠳᠡᠭᠰᠡᠨ ᠴᠢᠯᠠᠭᠤᠨ ᠲᠣᠰᠣᠨ ᠤ | ᠬᠠᠳᠠᠭᠠᠯᠠᠭᠳᠠᠴᠠ 2 ᠳ᠋ᠦᠩᠰᠢᠭᠤᠷ ᠲᠤᠨ᠂ ᠬᠠᠶᠢᠨ ᠮᠡᠳᠡᠭᠰᠡᠨ ᠭᠧᠷᠮᠠᠨ ᠤ ᠬᠠᠳᠠᠭᠠᠯᠠᠭᠳᠠᠴᠠ 3458 ᠲᠣᠨ | ᠪᠠᠶᠢᠵᠦ᠂ ᠪᠦᠬᠦ ᠣᠯᠣᠰ ᠶᠢᠨ ᠬᠠᠳᠠᠭᠠᠯᠠᠭᠳᠠᠴᠠ ᠶᠢᠨ 68% ᠶᠢ ᠡᠵᠡᠯᠡᠵᠦ᠂ ᠪᠦᠬᠦ ᠲᠡᠯᠡᠬᠡᠢ ᠶᠢᠨ 38% ᠶᠢ | ᠡᠵᠡᠯᠡᠨ᠎ᠡ᠃ ᠵᠢᠯ ᠪᠦᠷᠢ ᠶᠢᠨ ᠪᠦᠳᠦᠮᠵᠢᠳᠡᠢ ᠪᠠᠷ ᠠᠰᠢᠭᠯᠠᠭᠳᠠᠵᠤ ᠪᠤᠯᠬᠤ ᠰᠠᠯᠬᠢᠨ ᠤ ᠡᠨᠧᠷᠬᠢ ᠨᠢ 3000 ᠴᠠᠭ᠂ | ᠲᠦᠯᠦᠪᠵᠢᠬᠦᠯᠦᠭᠰᠡᠨ ᠰᠠᠯᠬᠢᠨ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ 300 ᠲᠦᠮᠡᠨ ᠺᠢᠯᠤᠸᠠᠲ | ᠪᠠᠶᠢᠵᠤ᠂ ᠦᠪᠡᠷᠳᠡᠭᠡᠨ ᠵᠠᠰᠠᠬᠤ ᠤᠷᠤᠨ ᠤ ᠲᠦᠯᠦᠪᠵᠢᠬᠦᠯᠦᠭᠰᠡᠨ ᠮᠠᠰᠢᠨ ᠴᠤᠭᠴᠠᠯᠠᠪᠤᠷᠢ ᠶᠢᠨ ᠮᠢᠩᠭ᠎ᠠ ᠲᠦᠮᠡᠨ | ᠺᠢᠯᠤᠸᠠᠲ ᠰᠠᠯᠬᠢᠨ ᠴᠠᠬᠢᠯᠭᠠᠨ ᠤ ᠰᠠᠭᠤᠷᠢᠨ ᠭᠠᠵᠠᠷ ᠪᠤᠯᠤᠨ᠎ᠠ᠃ ᠤᠳᠤ ᠰᠢᠯᠢ ᠭᠤᠤᠯ ᠠᠶᠢᠮᠠᠭ ᠠᠴᠠ ᠱᠠᠨᠳᠣᠩ | ᠳᠤ ᠬᠦᠷᠬᠦ᠂ ᠰᠢᠯᠢ ᠶᠢᠨ ᠭᠤᠤᠯ ᠠᠶᠢᠮᠠᠭ ᠠᠴᠠ ᠵᠢᠶᠠᠩᠰᠦ ᠬᠦᠷᠬᠦ 2 ᠵᠤᠷᠪᠤᠰ ᠤᠨᠴᠠ ᠦᠨᠳᠦᠷ ᠲᠠᠷᠤᠯᠳᠠᠳᠣ | ᠴᠠᠬᠢᠯᠭᠠᠨ ᠬᠦᠴᠦᠨ ᠤ ᠭᠠᠳᠠᠭᠰᠢ ᠭᠠᠷᠭᠠᠬᠤ ᠵᠠᠮ ᠱᠣᠭᠤᠮ ᠪᠤᠯᠤᠨ ᠱᠧᠨ ᠬᠤᠸᠠ᠂ ᠳ᠋ᠠ ᠳᠠᠩ᠂ ᠤᠮᠠᠷᠠᠳᠤ | ᠤᠷᠤᠨ ᠤ ᠴᠠᠬᠢᠯᠭᠠᠨ ᠬᠦᠴᠦ᠂ ᠮᠧᠩ ᠨᠧᠩ ᠲᠦᠷᠪᠡᠨ ᠠᠭᠤᠷᠬᠠᠢ ᠶᠢᠨ ᠠᠮᠰᠠᠷ ᠤᠨ ᠴᠠᠬᠢᠯᠭᠠᠨ ᠤᠶᠢᠯᠡᠳᠪᠦᠷᠢ ᠶᠢᠨ | ᠪᠦᠳᠦᠭᠡᠨ ᠪᠡᠶᠢᠭᠤᠯᠤᠯᠳᠠ ᠶᠢ ᠶᠠᠭ ᠲᠤᠷᠭᠡᠳᠭᠡᠵᠦ ᠪᠠᠶᠢᠨ᠎ᠠ᠂ ᠲᠤᠬᠠᠢ ᠶᠢᠨ ᠦᠶ᠎ᠠ ᠳᠤ ᠵᠡᠬᠦᠨ ᠬᠤᠶᠢᠳᠤ ᠣᠷᠣᠨ᠂ | ᠤᠮᠡᠷᠡᠳᠦ ᠤᠷᠤᠨ ᠪᠤᠯᠤᠨ ᠦᠪᠦᠷ ᠮᠤᠩᠭᠤᠯ ᠤᠨ ᠪᠠᠷᠠᠭᠤᠨ ᠭᠡᠰᠡᠭ ᠳᠤ ᠴᠠᠬᠢᠯᠭᠠᠨ ᠬᠠᠩᠭᠠᠬᠤ ︽ᠭᠤᠷᠪᠡᠨ | ᠲᠤᠤᠷ︾ ᠤᠨ ᠲᠠᠪᠠᠭᠤᠯᠢᠭ ᠢ ᠪᠦᠷᠢᠯᠳᠤᠬᠦᠯᠦᠨ᠎ᠡ᠃ ᠰᠢᠯᠢ ᠶᠢᠨ ᠬᠤᠳᠠ ᠶᠢᠨ ᠬᠤᠳᠠ ᠶᠢᠨ ᠴᠢᠳᠠᠪᠬᠢ ᠡᠳᠦᠷ | ᠢᠷᠡᠬᠦᠶ᠎ᠡ ᠳᠡᠬᠦᠯᠳᠡᠷᠵᠢᠵᠤ᠂ ᠤᠷᠢᠳ ᠬᠤᠵᠢᠳ ᠪᠦᠬᠦ ᠤᠯᠤᠰ ᠤᠨ ᠡᠷᠡᠬᠦᠯ ᠬᠠᠮᠠᠭᠠᠯᠠᠯ ᠤᠨ ᠳᠡᠷᠢᠬᠦᠨ ᠤ ᠬᠤᠳᠠ᠂ | ᠰᠤᠷᠭᠠᠨ ᠬᠦᠮᠦᠵᠢᠯ ᠤᠨ ᠬᠤᠶᠠᠷ ᠦᠨᠳᠤᠰᠤᠨ ᠪᠠᠷᠢᠮᠵᠢᠶ᠎ᠡ ᠳᠤ ᠬᠦᠷᠦᠭᠰᠡᠨ ᠬᠤᠳᠠ᠂ ᠳᠤᠮᠳᠠᠳᠤ ᠤᠯᠤᠰ ᠤᠨ | ᠵᠢᠭᠤᠯᠴᠢᠯᠠᠯ ᠤᠨ ᠰᠢᠯᠢᠳᠡᠭ ᠬᠤᠳᠠ᠂ ᠪᠦᠬᠦ ᠣᠯᠣᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ᠂ ᠪᠦᠬᠦ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠷᠢᠬᠦᠨ ᠤ ᠬᠤᠳᠠ᠂ ᠪᠦᠬᠦ ᠤᠯᠤᠰ ᠤᠨ ᠬᠠᠤᠯᠢ ᠪᠠᠷ | ᠵᠠᠰᠠᠬᠤ ᠰᠢᠶᠠᠨ ︵ᠬᠤᠳᠠ ᠲᠤᠭᠤᠷᠢᠭ︶ ᠢ ᠴᠤᠭᠴᠠᠯᠠᠬᠤ ᠠᠵᠢᠯᠯᠠᠭᠠᠨ ᠤ ᠲᠡᠷᠢᠬᠦᠨ ᠤ ᠨᠢᠭᠡᠴᠡ᠂ ᠪᠦᠬᠦ ᠣᠷᠣᠨ ᠤ | ᠪᠣᠯᠪᠠᠰᠣᠨ ᠬᠤᠲᠠ᠂ ᠪᠦᠬᠦ ᠣᠷᠣᠨ ᠤ ᠡᠷᠡᠭᠦᠯ ᠬᠠᠮᠠᠭᠠᠯᠠᠯ ᠤᠨ ᠬᠤᠲᠠ᠂ ᠪᠦᠬᠦ ᠤᠷᠤᠨ ᠤ ᠴᠡᠴᠡᠷᠯᠢᠭᠵᠢᠭᠰᠡᠨ | ᠬᠤᠲᠠ ᠵᠡᠷᠭᠡ ᠢᠷᠠᠭᠤ ᠠᠯᠳᠠᠷ ᠢ ᠬᠦᠷᠲᠡᠵᠡᠢ᠃ |