ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/3/19
     3 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠪᠣᠯᠣᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ ︽ᠨᠢᠭᠡ ᠭᠤᠣᠯ ᠰᠢᠵᠢᠮ︾᠂ ︽ᠲᠠᠪᠤᠨ ᠶᠡᠭᠡ ᠡᠭᠦᠷᠭᠡ︾ ᠶᠢ ᠲᠤᠭᠤᠰᠢᠯᠠᠭᠤᠯᠬᠤ ᠪᠣᠯᠣᠨ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢᠶᠠᠷ ᠵᠢᠯᠣᠭᠤᠳᠤᠮᠵᠢ ᠪᠣᠯᠭᠠᠵᠤ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠣᠨ ᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠢᠯᠠᠩᠭᠤᠶ᠎ᠠ ᠠᠷᠠᠳ ᠤᠨ ᠪᠡᠯᠡ ᠣᠷᠣᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠲᠥᠯᠥᠵᠦ ᠳᠠᠭᠤᠰᠬᠠᠬᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ︽ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠪᠠᠷ ᠪᠠᠷᠢᠮᠵᠢᠶ᠎ᠠ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ ᠰᠤᠷᠤᠯᠴᠠᠬᠤ ᠶᠢᠨ ᠳᠠᠭᠠᠤ ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠬᠤ ᠶᠢ ᠵᠡᠷᠭᠡ ᠪᠠᠷ ᠠᠳᠬᠤᠵᠤ᠂ ᠣᠳᠣᠬᠠᠨ ᠤ ᠠᠵᠢᠯ ᠲᠠᠢ ᠨᠢᠭᠡᠳᠦᠯᠲᠡᠢ ᠲᠥᠯᠥᠪᠵᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠰᠤᠷᠲᠠᠯ ᠢ ᠦᠨᠡᠨ ᠬᠦ ᠬᠤᠪᠢᠷᠠᠭᠤᠯᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠬᠡᠰᠡᠭ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨᠳᠦᠰᠦ ᠰᠤᠷᠪᠤᠯᠵᠢ ᠠᠴᠠ ᠨᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠵᠤ᠂ ᠵᠢᠭᠰᠠᠭᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠬᠡᠷᠡᠭᠯᠡᠯᠲᠡ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠰᠡᠳᠬᠢᠯ ᠳᠤ ᠰᠠᠭᠤᠭᠳᠠᠮ᠎ᠠ ᠭᠠᠷ ᠲᠤ ᠪᠠᠷᠢᠭᠳᠠᠮ᠎ᠠ ᠲᠥᠷᠥᠯ ᠵᠦᠢᠯ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠲᠣᠣᠷ ᠢ ᠬᠦᠴᠦᠷᠬᠡᠭᠵᠢᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠲᠤᠬᠠᠢ ᠶᠢᠨ ᠭᠠᠵᠠᠷ ᠲᠤᠨᠢ ᠪᠠᠭᠲᠠᠭᠠᠨ ᠰᠢᠩᠭᠡᠭᠡᠬᠦ ᠶᠢ ᠴᠢᠩᠭ᠎ᠠ ᠠᠳᠬᠤᠵᠤ᠂ ᠪᠣᠬᠢᠷᠳᠤᠯ ᠦᠭᠡᠢ ᠡᠨᠧᠷᠭᠢ ᠶᠢᠨ ᠲᠣᠮᠣ ᠣᠷᠣᠨ ᠢ ᠪᠠᠶᠢᠭᠤᠯᠵᠤ᠂ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠬᠡᠷᠡᠭᠯᠡᠬᠦ ᠪᠠᠷ ᠭᠤᠣᠯ ᠪᠣᠯᠭᠠᠵᠤ᠂ ᠬᠡᠷᠡᠭᠯᠡᠬᠦ ᠶᠠᠪᠤᠴᠠ ᠳᠤ ᠲᠠᠰᠤᠷᠠᠯᠲᠠ ᠦᠭᠡᠢ ᠰᠢᠯᠢᠳᠡᠭᠵᠢᠭᠦᠯᠦᠨ ᠰᠠᠶᠢᠵᠢᠷᠠᠭᠤᠯᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠵᠦ ᠬᠤᠯᠪᠤᠭᠠᠯᠠᠨ ᠨᠡᠪᠲᠡᠷᠡᠯᠴᠡᠬᠦ ᠳᠤ ᠰᠠᠭᠠᠳ ᠪᠣᠯᠵᠤ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠵᠡᠷᠭᠡ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠰᠠᠭᠤᠷᠢᠰᠢᠭᠤᠯᠤᠨ ᠡᠳ᠋ᠰᠢᠭᠦᠯᠬᠦ᠂ ᠬᠢᠯᠢ ᠶᠢᠨ ᠠᠷᠠᠯᠵᠢᠶ᠎ᠠ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠡᠷᠭᠡ ᠠᠵᠤ ᠠᠬᠤᠶᠢᠯᠠᠯ ᠢ ᠴᠡᠭ ᠴᠡᠭ ᠢᠶᠠᠷ ᠬᠠᠷᠠᠭᠠᠯᠵᠠᠭᠤᠯᠤᠨ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠪᠣᠭᠤᠮᠲᠠ ᠶᠢᠨ ᠰᠠᠭᠤᠷᠢᠰᠢᠭᠤᠯᠤᠨ ᠡᠳ᠋ᠰᠢᠭᠦᠯᠬᠦ ᠦᠢᠯᠡᠰ ᠤᠨ ᠬᠤᠴᠤᠷᠤᠩᠭᠤᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠵᠡᠷᠭᠡ ᠠᠵᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号