ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/19
     3 ᠰᠠᠷ᠎ᠠ ᠶᠢᠨ 14 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ︽ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ᠪᠣᠯᠣᠨ 3 ᠰᠠᠷ᠎ᠠ ᠶᠢᠨ 12 ᠤᠨ ᠡᠳᠦᠷ ᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠵᠤ᠂ ᠰᠤᠷᠲᠠᠯ ᠢ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠠᠷᠠᠯᠲᠠ ᠱᠠᠭᠠᠷᠳᠠᠯᠭ᠎ᠠ ᠪᠣᠯᠣᠨ ᠡᠭᠦᠷᠭᠡ ᠶᠢᠨ ᠲᠣᠬᠢᠷᠠᠭᠤᠯᠤᠯᠲᠠ ᠶᠢ ᠣᠨᠣᠪᠴᠢᠲᠠᠢ ᠠᠳᠬᠤᠵᠤ ᠨᠡᠪᠳᠡᠷᠡᠳᠡᠯ᠎ᠡ ᠣᠶᠢᠯᠠᠭᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠯᠭ᠎ᠠ ᠪᠠᠶᠢᠴᠠᠭᠠᠯᠲᠠ ᠴᠡᠭᠴᠡᠯᠡᠨ ᠰᠠᠶᠢᠵᠢᠷᠠᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠪᠠᠷ ᠰᠠᠭᠤᠷᠢ ᠪᠣᠯᠭᠠᠵᠤ᠂ ᠢᠮᠠᠭᠲᠠ ᠲᠤᠭᠤᠰᠢᠯᠠᠭᠤᠯᠵᠤ᠂ ᠬᠡᠯᠪᠡᠷᠢ ᠪᠠ ᠠᠴᠢᠶᠠᠯᠠᠪᠤᠷᠢ ᠶᠢ ᠪᠠᠶᠠᠯᠢᠭᠵᠢᠭᠤᠯᠵᠤ᠂ ᠲᠦᠷᠦᠯ ᠬᠤᠪᠢᠶᠠᠭᠰᠠᠨ ᠬᠤᠪᠢᠶᠠᠷᠢᠴᠢᠯᠠᠭᠰᠠᠨ ᠰᠤᠷᠤᠯᠴᠠᠯᠭ᠎ᠠ ᠰᠤᠳᠤᠯᠤᠨ ᠶᠠᠷᠢᠯᠴᠠᠯᠭ᠎ᠠ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠶᠢ ᠳ᠋ᠦᠩᠨᠡᠨ ᠰᠤᠷᠤᠯᠴᠠᠵᠤ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠤᠷᠤᠯᠴᠠᠬᠤ ᠶᠢᠨ ᠳᠠᠭᠠᠤ ᠪᠠᠶᠢᠴᠠᠭᠠᠨ ᠳᠡᠯᠭᠡᠵᠦ᠂ ᠠᠷᠪᠠᠨ ᠶᠡᠭᠡ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠰᠠᠶᠢᠲᠤᠷ ᠠᠰᠢᠭᠯᠠᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠳᠦᠷ ᠲᠤᠲᠤᠮ ᠤᠨ ᠱᠠᠯᠠᠪᠳᠠᠭᠤᠯᠤᠨ ᠪᠠᠶᠢᠴᠠᠭᠠᠯᠲᠠ᠂ ᠪᠠᠶᠢᠴᠠᠭᠠᠨ ᠰᠤᠳᠤᠯᠤᠯᠲᠠ ᠵᠡᠷᠭᠡ ᠲᠠᠢ ᠤᠶᠠᠯᠳᠤᠭᠤᠯᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠨ ᠡᠷᠢᠬᠦ ᠬᠡᠷᠡᠭᠲᠡᠢ᠃ ᠦᠨᠡᠨ ᠬᠦ ᠬᠠᠲᠠᠭᠤ ᠲᠠᠢ ᠨᠢ ᠬᠠᠯᠳᠠᠵᠤ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠵᠤ᠂ ᠠᠰᠠᠭᠤᠳᠠᠯ ᠤᠨ ᠨᠠᠷᠢᠨ ᠲᠠᠩᠰᠠ ᠭᠠᠷᠭᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠤᠯᠲᠠ ᠳᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ ᠶᠢ ᠵᠡᠷᠭᠡ ᠪᠠᠷ ᠰᠠᠶᠢᠲᠤᠷ ᠠᠳᠬᠤᠵᠤ᠂ ᠳᠦᠷᠢᠮ ᠤᠨ ᠳᠤᠲᠠᠭᠤᠳᠠᠯ ᠪᠣᠯᠣᠨ ᠬᠤᠭᠤᠰᠤᠨ ᠢ ᠴᠠᠭ ᠲᠤᠬᠠᠢ ᠳᠤᠨᠢ ᠨᠥᠬᠦᠪᠦᠷᠢᠯᠡᠵᠦ᠂ ᠰᠤᠷᠲᠠᠯ ᠤᠨ ᠪᠠᠶᠢᠭᠤᠯᠤᠯᠲᠠ ᠤᠯᠠᠮ ᠢᠯᠡᠭᠦᠦ ᠵᠢᠷᠤᠮᠯᠠᠬᠤ ᠳᠦᠷᠢᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠡᠷᠡᠮᠵᠢᠯᠡᠭᠦᠯᠦᠯ ᠬᠥᠮᠦᠵᠢᠯ ᠢ ᠴᠢᠩᠭᠠᠳᠬᠠᠵᠤ᠂ ᠳᠡᠷᠭᠡᠳᠡᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠵᠤ᠂ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠡᠭᠦᠳᠡ ᠪᠠᠨ ᠨᠡᠭᠡᠭᠡᠵᠦ ᠬᠥᠮᠦᠵᠢᠯ ᠬᠢᠵᠦ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯᠣᠨ ᠠᠷᠠᠳ ᠤᠨ ᠠᠮᠢᠳᠤᠷᠠᠯ ᠤᠨ ᠬᠠᠯᠠᠮᠰᠢᠯ ᠤᠲᠠᠰᠤ᠂ ᠰᠦᠯᠵᠢᠶᠡᠨ ᠢᠷᠭᠡᠳ ᠦᠭᠡ ᠦᠯᠡᠳᠡᠭᠡᠬᠦ ᠵᠡᠷᠭᠡ ᠲᠣᠭᠲᠠᠴᠠ ᠶᠢᠨ ᠠᠷᠭ᠎ᠠ ᠵᠠᠮ ᠢᠶᠠᠷ ᠳᠠᠮᠵᠢᠨ ᠠᠷᠠᠳ ᠤᠨ ᠪᠠᠶᠢᠳᠠᠯ ᠢ ᠥᠷᠭᠡᠨ ᠳᠡᠯᠭᠡᠷ ᠭᠦᠨᠵᠡᠭᠡᠢ ᠣᠶᠢᠯᠠᠭᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠳᠤ ᠠᠵᠢᠯ ᠤᠨ ᠰᠤᠷᠲᠠᠯ ᠢ ᠬᠤᠪᠢᠷᠠᠭᠤᠯᠤᠭᠰᠠᠨ ᠠᠴᠠ ᠪᠣᠯᠤᠭᠰᠠᠨ ᠰᠢᠨ᠎ᠡ ᠪᠠᠶᠢᠳᠠᠯ ᠢ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠶᠡᠬᠡᠰᠬᠡᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ᠂ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠦᠯᠦ ᠰᠠᠭᠠᠲᠠᠭᠠᠬᠤ᠂ ᠬᠤᠶᠠᠷ ᠢ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠵᠡᠷᠭᠡ ᠶᠢ ᠴᠡᠭᠴᠡᠯᠡᠨ ᠵᠠᠰᠠᠬᠤ ᠲᠠᠢ ᠨᠢᠭᠡᠳᠦᠯᠲᠡᠢ ᠲᠥᠯᠥᠪᠵᠢᠭᠦᠯᠵᠦ᠂ ᠰᠤᠷᠲᠠᠯ ᠤᠨ ᠬᠦᠷᠢᠶᠡᠨ ᠳᠠᠬᠢ ᠠᠰᠠᠭᠤᠳᠠᠯ ᠢ ᠬᠠᠮᠲᠤ ᠪᠠᠷ ᠡᠳ᠋ᠯᠡᠵᠦ ᠬᠠᠮᠲᠤ ᠪᠠᠷ ᠵᠠᠰᠠᠬᠤ᠂ ᠦᠩᠭᠡᠨ ᠲᠠᠯ᠎ᠠ ᠪᠠ ᠦᠨᠳᠦᠰᠦᠨ ᠠᠴᠠ  ᠨᠢ ᠵᠠᠰᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠥᠭᠦᠮ ᠳᠥᠲᠡ ᠪᠣᠳᠠᠲᠠᠢ ᠶᠢ ᠡᠷᠬᠢᠮᠯᠡᠨ ᠬᠥᠮᠦᠵᠢᠯ ᠬᠢᠬᠦ ᠶᠢ ᠪᠠᠷᠢᠮᠲᠠᠯᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠠᠯᠮᠠᠶᠢᠷᠠᠬᠤ᠂ ᠱᠠᠲᠤ ᠱᠠᠲᠤ ᠪᠠᠷ ᠡᠭᠦᠷᠭᠡ ᠨᠡᠮᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠦᠬᠦ ᠣᠷᠣᠨ ᠤ ᠨᠠᠮ ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠲᠣᠭᠲᠠᠭᠰᠠᠨ ᠠᠵᠢᠯᠯᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠪᠡᠶ᠎ᠡ ᠪᠠᠨ ᠳᠠᠭᠠᠭᠠᠵᠤ᠂ ᠴᠥᠬᠦᠷᠡᠰᠢ ᠦᠭᠡᠢ ᠪᠠᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠪᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠰᠠᠶᠢᠵᠢᠷᠠᠭᠤᠯᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ︽ᠪᠦᠬᠦ ᠣᠷᠣᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠪᠡ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号