ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠷᠢᠶ᠎ᠠ ᠶᠢᠨ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ | ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠵᠤ᠂ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠠᠢ | ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠭᠤᠷᠪᠠᠨ ᠱᠠᠲᠤ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ᠂ ᠬᠤᠰᠢᠭᠤ ᠰᠢᠶᠠᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢ ᠪᠦᠭᠦ ᠲᠠᠯ᠎ᠠ ᠪᠠᠷ | ᠳᠡᠭᠡᠭᠰᠢᠯᠡᠭᠦᠯᠵᠦ᠂ ᠬᠤᠰᠢᠭᠤ ᠰᠢᠶᠠᠨ ᠤ ᠠᠵᠤ ᠠᠬᠤᠢ ᠶᠢᠨ ᠰᠢᠨ᠎ᠡ ᠶᠢ ᠡᠭᠦᠳᠬᠦ᠂ ᠪᠣᠬᠢᠷᠳᠤᠯ ᠦᠭᠡᠢ᠂ ᠴᠢᠨᠠᠷ ᠰᠠᠶᠢᠲᠠᠢ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠪᠠ᠃ | ︽ᠲᠥᠰᠥᠯ︾ ᠳᠤ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠬᠢᠨᠠᠨ ᠬᠡᠮᠵᠢᠵᠦ ᠦᠨᠡᠯᠡᠬᠦ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠵᠣᠬᠢᠶᠠᠨ ᠪᠠᠶᠢᠭᠤᠯᠤᠯᠲᠠ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠶᠢ | ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠵᠡᠷᠭᠡ 8 ᠶᠡᠭᠡ ᠲᠠᠯ᠎ᠠ ᠶᠢᠨ 16 ᠵᠦᠢᠯ ᠤᠨ ᠪᠣᠳᠠᠲᠠᠢ | ᠭᠦᠢᠴᠡᠳᠬᠡᠯ ᠲᠤᠭ᠎ᠠ ᠪᠠᠷ ᠬᠤᠰᠢᠭᠤ ᠰᠢᠶᠠᠨ ᠤ ᠰᠢᠨ᠎ᠡ ᠶᠢ ᠡᠭᠦᠳᠬᠦ ᠬᠢᠷᠢ ᠲᠦᠪᠰᠢᠨ ᠳᠤ ᠦᠨᠡᠯᠡᠯᠲᠡ ᠬᠢᠵᠦ᠂ ᠡᠯ᠎ᠡ | ᠬᠤᠰᠢᠭᠤ ᠰᠢᠶᠠᠨ ᠢ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠳᠤ ᠬᠤᠪᠢᠶᠠᠪᠠ᠃ | ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ | ᠳᠡᠭᠡᠭᠰᠢᠯᠡᠭᠦᠯᠭᠦ ᠶᠢ ᠵᠣᠷᠢᠭᠵᠢᠭᠤᠯᠬᠤ ᠶᠢᠨ ᠲᠥᠯᠥᠭᠡ᠂ ᠲᠦᠷᠦᠭᠦᠦ ᠤᠳᠠᠭᠠᠨ ᠤ ᠣᠨ ᠤ ᠬᠢᠨᠠᠨ ᠬᠡᠮᠵᠢᠯᠲᠡ ᠳᠤ | ᠨᠢᠭᠡᠳᠦᠭᠡᠷ ᠲᠥᠷᠥᠯ ᠳᠤ ᠣᠷᠣᠭᠰᠠᠨ ᠬᠤᠰᠢᠭᠤ ᠰᠢᠶᠠᠨ ᠳᠤ 300 ᠲᠦᠮᠡᠨ ᠲᠥᠭᠦᠷᠢᠭ ᠤᠨ ᠪᠡᠯᠡ ᠮᠥᠩᠭᠦ ᠶᠢᠨ | ᠱᠠᠩᠨᠠᠯ ᠣᠯᠭᠤᠵᠤ᠂ ᠳᠠᠷᠠᠭᠠᠬᠢ ᠣᠨ ᠳᠤ ᠨᠢᠭᠡᠳᠦᠭᠡᠷ ᠲᠥᠷᠥᠯ ᠳᠤ ᠣᠷᠣᠭᠰᠠᠨ ᠲᠦᠷᠦᠭᠦᠦ3 ᠬᠤᠰᠢᠭᠤ ᠰᠢᠶᠠᠨ ᠢ | 500 ᠲᠦᠮᠡᠨ ᠲᠥᠭᠦᠷᠢᠭ ᠢᠶᠠᠷ ᠱᠠᠩᠨᠠᠨ᠎ᠠ ᠭᠡᠵᠦ ᠲᠣᠳᠣᠷᠬᠠᠶᠢᠯᠠᠪᠠ᠃ ᠬᠢᠨᠠᠨ ᠬᠡᠮᠵᠢᠯᠲᠡ ᠦᠨᠡᠯᠡᠯᠲᠡ ᠳᠤᠮᠳᠠ | ᠲᠥᠷᠥᠯ ᠢᠯᠭᠠᠯ ᠨᠢ ᠳᠡᠭᠡᠭᠰᠢᠯᠡᠭᠰᠡᠨ ᠪᠤᠶᠤ ᠨᠡᠷᠡᠰ ᠤᠨ ᠵᠢᠭᠰᠠᠭᠠᠯᠲᠠ ᠨᠢ ᠶᠡᠭᠡ ᠬᠡᠮᠵᠢᠶ᠎ᠡ ᠪᠠᠷ ᠳᠡᠭᠡᠭᠰᠢᠯᠡᠭᠰᠡᠨ | ᠬᠤᠰᠢᠭᠤ ᠰᠢᠶᠠᠨ ᠳᠤ ᠵᠣᠬᠢᠬᠤ ᠪᠡᠯᠡ ᠮᠥᠩᠭᠦ ᠶᠢᠨ ᠱᠠᠩᠨᠠᠯ ᠣᠯᠭᠤᠨ᠎ᠠ᠃ ᠡᠭᠦᠨ ᠤ ᠬᠠᠮᠲᠤ ᠱᠠᠩᠨᠠᠯ ᠤᠨ ᠪᠡᠯᠡ | ᠮᠥᠩᠭᠦ ᠶᠢᠨ ᠬᠡᠷᠡᠭᠯᠡᠯᠲᠡ ᠪᠠ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠶᠢᠨ ᠬᠠᠮᠲᠤ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠬᠦ ᠠᠵᠢᠯ ᠢ ᠥᠷᠨᠢᠭᠦᠯᠦᠨ᠎ᠡ ᠭᠡᠵᠡᠢ᠃ | ︽ᠲᠥᠰᠥᠯ︾ ᠳᠤ᠂ 2027 ᠣᠨ ᠪᠤᠯᠬᠤ ᠳᠤ᠂ ᠡᠯ᠎ᠡ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ | ᠢᠳᠡᠪᠬᠢᠵᠢᠯ ᠢ ᠢᠯᠡᠳᠲᠡ ᠳᠡᠭᠡᠭᠰᠢᠯᠡᠭᠦᠯᠵᠦ᠂ ᠪᠦᠭᠦ ᠣᠷᠣᠨ ᠳᠤ ᠬᠤᠰᠢᠭᠤ ᠰᠢᠶᠠᠨ ᠤ ᠰᠢᠨ᠎ᠡ ᠶᠢ ᠡᠭᠦᠳᠬᠦ ᠲᠠᠯ᠎ᠠ ᠪᠠᠷ | ᠠᠳᠠᠯᠢᠳᠬᠠᠨ ᠰᠤᠷᠴᠤ ᠭᠦᠢᠴᠡᠨ ᠳᠠᠪᠠᠭᠤ ᠰᠠᠶᠢᠨ ᠰᠠᠶᠢᠬᠠᠨ ᠪᠠᠶᠢᠳᠠᠯ ᠢ ᠪᠤᠶ ᠪᠤᠯᠭᠠᠵᠤ᠂ ᠨᠢᠭᠡᠳᠦᠭᠡᠷ᠂ ᠬᠤᠶᠠᠳᠤᠭᠠᠷ᠂ | ᠭᠤᠷᠪᠠᠳᠤᠭᠠᠷ ᠲᠥᠷᠥᠯ ᠤᠨ ᠬᠤᠰᠢᠭᠤ ᠰᠢᠶᠠᠨ ᠤ ᠲᠤᠭ᠎ᠠ ᠬᠡᠮᠵᠢᠶ᠎ᠡ ᠪᠦᠲᠦᠴᠡ ᠶᠢ ᠢᠯᠡᠳᠲᠡ ᠰᠢᠯᠢᠳᠡᠭᠵᠢᠭᠦᠯᠦᠨ᠎ᠡ᠃ | 2035 ᠣᠨ ᠪᠤᠯᠬᠤ ᠳᠤ᠂ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠰᠢᠰᠲ᠋ᠧᠮ ᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠨᠢᠭᠡᠳᠦᠭᠡᠷ ᠲᠥᠷᠥᠯ ᠤᠨ ᠬᠤᠰᠢᠭᠤ ᠰᠢᠶᠠᠨ ᠤ ᠲᠤᠭ᠎ᠠ | ᠬᠡᠮᠵᠢᠶ᠎ᠡ ᠶᠢ 30% ᠠᠴᠠ ᠳᠠᠪᠠᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠥᠪᠥᠷ ᠮᠣᠩᠭᠤᠯ ᠤᠨ | ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠵᠦ ᠳᠤᠷᠠᠳᠴᠠᠢ᠃ | |