ᠪᠦᠬᠦ ᠣᠷᠣᠨ ᠤ ᠤᠰᠤ ᠠᠷᠪᠢᠯᠠᠬᠤ ᠠᠵᠢᠯᠯᠠᠭᠠᠨ ᠬᠢᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠪᠠ ᠶᠣᠣ ᠶᠦᠩ ᠪᠦᠸᠧ ᠣᠷᠣᠯᠴᠠᠪᠠ
ᠨᠡᠶᠢᠲᠡᠯᠡᠭᠰᠡᠨ ᠴᠠᠭ᠄
2025/3/19
     3 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠤᠰᠤ ᠠᠷᠪᠢᠯᠠᠬᠤ ᠠᠵᠢᠯᠯᠠᠭᠠᠨ ᠬᠢᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠤᠯᠠᠭᠠᠨᠬᠠᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠲᠣᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠢᠶᠠᠷ ᠴᠢᠬᠤᠯᠠᠴᠢᠯᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠤᠰᠤ ᠠᠷᠪᠢᠯᠠᠬᠤ ᠠᠵᠢᠯᠯᠠᠭᠠᠨ ᠢ ᠪᠦᠬᠦ ᠬᠦᠴᠦᠨ ᠢᠶᠠᠷ ᠠᠬᠢᠭᠤᠯᠵᠤ᠂ ᠲᠠᠷᠢᠶᠠᠯᠠᠩ᠂ ᠠᠵᠤ ᠦᠢᠯᠡᠳᠪᠦᠷᠢ᠂ ᠡᠨᠧᠷᠭᠢ ᠪᠠ ᠬᠤᠳᠠ ᠬᠥᠳᠡᠭᠡ ᠶᠢᠨ ᠠᠮᠢᠳᠤᠷᠠᠯ ᠤᠨ ᠤᠰᠤ ᠠᠷᠪᠢᠯᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠨᠠᠷ ᠰᠠᠶᠢᠲᠠᠢ ᠪᠠᠶᠢᠭᠤᠯᠵᠤ᠂ ᠶᠠᠪᠤᠴᠠ ᠶᠢᠨ ᠬᠠᠮᠢᠶᠠᠷᠤᠯᠲᠠ ᠶᠢ ᠴᠢᠩᠳᠠᠯᠠᠵᠤ᠂ ᠣᠨ ᠤ ᠡᠭᠦᠷᠭᠡ ᠪᠠᠨ ᠪᠡᠶᠡᠯᠡᠭᠦᠯᠦᠨ᠎ᠡ︔ ᠰᠤᠪᠠᠭ ᠴᠡᠪᠡᠷᠯᠡᠬᠦ ᠠᠵᠢᠯᠯᠠᠭᠠᠨ ᠢ ᠴᠢᠩᠭᠠᠷᠠᠭᠤᠯᠤᠨ ᠠᠬᠢᠭᠤᠯᠵᠤ᠂ ᠭᠤᠣᠯ ᠤᠨ ᠤᠷᠤᠰᠬᠠᠯ ᠤᠨ ᠰᠠᠭᠠᠳ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ ᠭᠡᠵᠡᠢ᠃     ᠬᠤᠷᠠᠯ ᠢᠶᠠᠷ ᠪᠠᠰᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠬᠥᠷᠥᠰᠥ ᠰᠢᠷᠣᠢ ᠶᠢᠨ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ᠂ ᠲᠠᠷᠢᠶᠠᠯᠠᠩ ᠳᠤ ᠬᠤᠯᠪᠣᠭᠳᠠᠭᠰᠠᠨ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠷᠢᠯᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号