ᠪᠦᠭᠦ ᠣᠷᠣᠨ ᠤ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠴᠣᠭᠴᠠᠯᠠᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠵᠠᠢ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/3/19
     3 ᠰᠠᠷ᠎ᠠ ᠶᠢᠨ 17 ᠤ ᠡᠳᠦᠷ᠂ ᠪᠦᠭᠦ ᠣᠷᠣᠨ ᠤ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠴᠣᠭᠴᠠᠯᠠᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠭᠦᠭᠡᠬᠤᠲᠠ ᠳᠤ ᠬᠤᠷᠠᠯᠳᠤᠪᠠ᠃ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠴᠣᠭᠴᠠᠯᠠᠯᠲᠠ ᠶᠢᠨ ᠢᠨᠵᠧᠨᠧᠷᠢᠩ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠥᠪ ᠤᠨ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠴᠣᠭᠴᠠᠯᠠᠯᠲᠠ ᠶᠢᠨ ᠢᠨᠵᠧᠨᠧᠷᠢᠩ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠨᠠᠮ ᠤᠨ ᠰᠢᠨ᠎ᠡ ᠶᠢ ᠡᠭᠦᠳᠬᠦ ᠣᠨᠣᠯ ᠤᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯ ᠢ ᠠᠬᠢᠭᠤᠯᠬᠤ ᠲᠤᠬᠠᠢ ᠰᠤᠳᠤᠯᠤᠨ ᠪᠠᠶᠢᠷᠢᠯᠠᠭᠤᠯᠪᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠰᠤᠳᠤᠯᠵᠤ ᠤᠬᠠᠭᠤᠯᠬᠤ ᠦᠨᠳᠦᠰᠦᠨ ᠡᠭᠦᠷᠭᠡ ᠶᠢ ᠦᠨᠡᠨ ᠬᠦ ᠡᠭᠦᠷᠭᠡᠯᠡᠵᠦ᠂ ᠰᠤᠳᠤᠯᠭᠠᠨ ᠤ ᠴᠢᠭᠯᠡᠯ ᠢ ᠡᠵᠡᠮᠳᠡᠨ᠂ ᠰᠢᠨᠵᠢᠯᠡᠭᠡᠨ ᠤ ᠰᠠᠯᠠᠭᠠᠨ ᠤ ᠣᠨᠴᠠᠯᠢᠭ ᠢ ᠲᠣᠪᠤᠶᠢᠯᠭᠠᠨ᠂ ᠮᠠᠨ ᠤ ᠣᠷᠣᠨ ᠤ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠤ ᠲᠦᠪᠰᠢᠨ ᠪᠣᠯᠣᠨ ᠨᠥᠯᠥᠭᠡᠯᠡᠬᠦ ᠬᠦᠴᠦᠨ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠨᠤᠯ ᠤᠨ ᠰᠤᠷᠤᠯᠴᠠᠯᠭ᠎ᠠ ᠤᠬᠠᠭᠤᠯᠭ᠎ᠠ ᠶᠢᠨ ᠴᠢᠭᠯᠡᠭᠦᠯᠦᠯᠲᠦ ᠴᠢᠨᠠᠷ᠂ ᠪᠣᠳᠠᠲᠠᠢ ᠦᠷ᠎ᠡ ᠪᠦᠲᠦᠮᠵᠢᠲᠦ ᠴᠢᠨᠠᠷ ᠢ ᠴᠢᠩᠭᠠᠳᠬᠠᠨ᠂ ᠢᠯᠡ ᠲᠣᠳᠣ ᠣᠨᠴᠠᠯᠢᠭ ᠪᠦᠬᠦᠢ ᠶᠡᠭᠡ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠪᠦᠭᠦ ᠣᠷᠣᠨ ᠤ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠣᠯᠣᠨ ᠴᠣᠭᠴᠠᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠳᠤ ᠪᠠᠲᠤ ᠴᠢᠩᠭ᠎ᠠ ᠤᠨᠤᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠡᠭᠡᠷ᠎ᠡ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠯᠦᠪᠵᠢᠭᠦᠯᠭᠡ ᠶᠢᠨ ᠲᠥᠷᠥᠯ ᠵᠦᠢᠯ ᠤᠨ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠴᠣᠭᠴᠠᠯᠠᠯᠲᠠ ᠶᠢᠨ ᠢᠨᠵᠧᠨᠧᠷᠢᠩ ᠤᠨ ᠲᠤᠰᠬᠠᠢ ᠰᠡᠳᠦᠪ ᠤᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠢ ᠨᠡᠶᠢᠲᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号