︽ᠠᠯᠮᠠᠰ ᠥᠷᠥᠮᠳᠡᠭᠦᠷ︾ ᠠᠳᠬᠤᠮᠠᠨᠵᠢᠨ ᠰᠠᠶ᠋ᠢ ︽ᠱᠠᠭᠠᠵᠠᠩ ᠤᠨ ᠠᠵᠢᠯ︾ ᠢ ᠰᠠᠶᠢᠲᠤᠷ ᠬᠢᠵᠦ ᠴᠢᠳᠠᠨ᠎ᠠ᠃ | ᠥᠪᠥᠷ ᠮᠣᠩᠭᠤᠯ ᠤᠨ ︽ᠰᠢᠪᠲᠤᠯᠬᠤ︾ ᠪᠠ ︽ᠤᠷᠤᠭᠰᠢᠯᠠᠬᠤ︾ ᠲᠠᠯ᠎ᠠ ᠪᠠᠷ ᠨᠡᠩ ᠶᠡᠭᠡ ᠠᠬᠢᠴᠠ ᠲᠠᠢ ᠪᠤᠯᠬᠤ ᠶᠢ | ᠠᠬᠢᠭᠤᠯᠬᠤ ᠳᠤ ᠪᠦᠭᠦ ᠣᠷᠣᠨ ᠤ ᠬᠥᠮᠥᠨ ᠪᠣᠯᠭᠠᠨ ᠡᠷᠳᠡᠮ ᠢᠶᠠᠨ ᠳᠡᠭᠡᠭᠰᠢᠯᠡᠭᠦᠯᠭᠦ᠂ ᠴᠢᠳᠠᠪᠤᠷᠢ ᠪᠠᠨ ᠳᠡᠭᠡᠭᠰᠢᠯᠡᠭᠦᠯᠭᠦ | ᠳᠡᠭᠡᠷ᠎ᠡ ᠬᠦᠴᠦ ᠲᠠᠯᠪᠢᠬᠤ ᠬᠡᠷᠡᠭᠲᠡᠢ᠃ ᠬᠠᠮᠤᠭ ᠤᠨ ᠦᠨᠳᠦᠰᠦᠨ ᠵᠦᠢᠯ ᠪᠣᠯ ᠮᠠᠷᠺᠰ ᠤᠨ ᠦᠵᠡᠯ ᠤᠨ | ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠰᠠᠶᠢᠲᠤᠷ ᠰᠤᠷᠤᠯᠴᠠᠵᠤ ᠨᠡᠪᠲᠡᠷᠡᠲᠡᠯ᠎ᠡ ᠣᠶᠢᠯᠠᠭᠠᠬᠤ ᠶᠠᠪᠤᠳᠠᠯ | ᠪᠣᠯᠣᠨ᠎ᠠ᠃ | ᠣᠶᠢᠷ᠎ᠠ ᠶᠢᠨ ᠬᠡᠳᠦᠨ ᠵᠢᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠰᠢᠰᠲ᠋ᠧᠮ ᠤᠨ | ᠦᠵᠡᠯᠲᠡ ᠪᠠᠷ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠵᠤ᠂ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠠᠳᠬᠤᠬᠤ ᠪᠠᠷ | ᠳᠡᠮᠵᠢᠨ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ ᠪᠤᠰᠤᠳᠴᠢ | ᠬᠡᠷᠡᠭ ᠪᠣᠳᠠᠰ ᠤᠨ ᠳᠣᠲᠣᠭᠠᠳᠤ ᠬᠤᠯᠪᠤᠭ᠎ᠠ ᠶᠢ ᠡᠵᠡᠮᠳᠡᠵᠦ ᠪᠠᠶᠢᠭᠠᠳ︽ᠠᠯᠳᠠᠭ᠎ᠠ ᠪᠠᠨ ᠵᠠᠯᠠᠷᠠᠭᠤᠯᠬᠤ᠂ | ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ︾ | ᠵᠡᠷᠭᠡ ᠶᠢ ᠨᠢᠭᠡ ᠴᠣᠭᠴᠠᠵᠢᠭᠤᠯᠤᠨ ᠠᠬᠢᠭᠤᠯᠤᠭᠰᠠᠨ ᠵᠡᠷᠭᠡ ᠨᠢ ᠴᠥᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠲᠤᠭᠤᠰᠢᠯᠠᠭᠳᠠᠵᠤ ᠪᠠᠶᠢᠭ᠎ᠠ | ᠵᠣᠭᠰᠣᠯᠲᠠ ᠦᠵᠡᠯᠲᠡ ᠠᠷᠭ᠎ᠠ ᠶᠢ ᠬᠡᠷᠡᠭᠯᠡᠭᠰᠡᠨ ᠠᠮᠢᠳᠤᠯᠢᠭ ᠦᠢᠯᠡᠳᠦᠯᠭᠡ ᠪᠣᠯᠣᠨ᠎ᠠ᠃ ᠥᠪᠥᠷ ᠮᠣᠩᠭᠤᠯ ᠤᠨ | ᠬᠥᠭᠵᠢᠯᠲᠡ ᠰᠠᠶᠢᠨ ᠨᠢ ᠡᠴᠦᠰ ᠤᠨ ᠡᠴᠦᠰ ᠲᠡᠭᠡᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ | ᠦᠵᠡᠯ ᠵᠥᠪ ᠪᠠᠶᠢᠳᠠᠭ ᠠᠴᠠ ᠪᠣᠯᠤᠭᠰᠠᠨ ᠶᠤᠮ᠃ | ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ | ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠪᠣᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠬᠠᠮᠤᠭ ᠤᠨ | ᠪᠠᠶᠠᠯᠢᠭ᠂ ᠬᠠᠮᠤᠭ ᠤᠨ ᠠᠮᠢᠳᠤᠯᠢᠭ᠂ ᠬᠠᠮᠤᠭ ᠤᠨ ᠪᠦᠲᠦᠭᠡᠯᠴᠢ ᠰᠡᠳᠬᠢᠮᠵᠢ ᠶᠢᠨ ᠪᠦᠷᠢᠯᠳᠦᠭᠦᠨ ᠬᠡᠰᠡᠭ ᠮᠥᠨ᠂ ᠪᠠᠰᠠ | ᠴᠤ ᠪᠢᠳᠡᠨ ᠤ ᠬᠥᠮᠥᠨ ᠪᠣᠯᠭᠠᠨ ᠤ ᠭᠠᠷ ᠲᠠᠭᠠᠨ ᠪᠠᠷᠢᠵᠤ ᠤᠩᠰᠢᠬᠤ᠂ ᠪᠠᠶᠢᠩᠭᠤ ᠰᠤᠷᠤᠯᠴᠠᠬᠤ ᠴᠢᠬᠤᠯᠠᠲᠠᠢ ᠠᠵᠢᠯ | ᠬᠢᠵᠦ ᠦᠢᠯᠡᠰ ᠪᠣᠰᠬᠠᠬᠤ ᠵᠦᠭᠯᠡᠭᠦᠷ ᠮᠥᠨ᠃ ᠠᠵᠢᠯ ᠤᠨ ᠲᠠᠯ᠎ᠠ ᠪᠠᠷ ᠬᠦᠴᠢᠷᠳᠡᠯ ᠳᠤ ᠤᠴᠠᠷᠠᠬᠤ ᠦᠶᠡᠰ | ᠤᠷᠪᠠᠭᠤᠯᠤᠨ ᠦᠵᠡᠵᠦ᠂ᠦᠢᠯᠡᠳᠦᠯᠭᠡ ᠶᠢᠨ ᠳᠤᠮᠳᠠ ᠠᠰᠠᠭᠤᠳᠠᠯ ᠲᠤᠯᠭᠠᠷᠠᠪᠠᠯ ᠬᠠᠷᠢᠴᠠᠭᠤᠯᠵᠤ ᠪᠠᠶᠢᠭᠠᠳ | ᠣᠶᠢᠯᠠᠭᠠᠵᠤ ᠮᠡᠳᠡᠪᠡᠯ ᠯᠠᠪᠲᠠᠢ ᠰᠡᠳᠬᠢᠯ ᠠᠭᠤᠵᠢᠷᠠᠵᠤ᠂ ᠬᠠᠷᠢᠭᠤᠯᠲᠠ ᠢᠯᠡᠷᠡᠨ᠎ᠡ᠃ ᠵᠥᠪᠭᠡᠨ ᠨᠠᠮ ᠤᠨ ᠭᠡᠰᠢᠭᠦᠨ | ᠺᠠᠳ᠋ᠷ ᠡᠵᠡᠮᠰᠢᠭᠡᠳ ᠯᠡ ᠪᠤᠯᠬᠤ ᠪᠢᠰᠢ᠂ ᠪᠠᠰᠠ ᠤᠯᠠᠨ ᠲᠦᠮᠡᠨ ᠲᠠᠢ ᠣᠶᠢᠷᠠᠲᠤᠭᠰᠠᠨ᠂ ᠣᠶᠢᠯᠠᠭᠠᠮᠵᠢᠲᠠᠢ ᠦᠭᠡ ᠪᠠᠷ | ᠲᠠᠷᠢᠶᠠᠨ ᠭᠠᠵᠠᠷ᠂ ᠦᠢᠯᠡᠳᠪᠦᠷᠢ ᠶᠢᠨ ᠲᠠᠰᠤᠭ᠂ ᠨᠡᠶᠢᠭᠡᠮ ᠲᠣᠭᠤᠷᠢᠭ ᠰᠤᠷᠭᠠᠭᠤᠯᠢ ᠶᠢᠨ ᠬᠦᠷᠢᠶᠡᠨ ᠤ ᠬᠥᠮᠥᠨ ᠨᠢᠭᠡ | ᠪᠦᠷᠢ ᠳᠤ ᠲᠠᠶᠢᠯᠪᠤᠷᠢᠯᠠᠨ ᠥᠭᠴᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢᠨ︽ᠲᠠᠲᠠᠬᠤ ᠬᠦᠴᠦᠨ︾ ᠢ | ᠤᠯᠠᠨ ᠳᠤ ᠣᠶᠢᠯᠠᠭᠠᠭᠤᠯᠵᠤ᠂ ᠰᠡᠳᠬᠢᠯ ᠳᠤ ᠬᠠᠳᠠᠩᠰᠢᠭᠰᠠᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ | ᠰᠠᠨᠠᠭ᠎ᠠ ᠶᠢ ᠬᠥᠭᠵᠢᠭᠡᠵᠦ᠂ ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ︽ᠭᠠᠪᠰᠢᠭᠠᠶᠢᠯᠠᠭᠴᠢ︾᠂ ᠰᠢᠨ᠎ᠡ | ᠠᠶᠠᠨ ᠳᠠᠬᠢ ᠭᠠᠪᠢᠶ᠎ᠠ ᠪᠠᠶᠢᠭᠤᠯᠤᠭᠴᠢ ᠪᠤᠯᠬᠤ ᠬᠡᠷᠡᠭᠲᠡᠢ᠃ | ︽ᠠᠵᠢᠨᠠᠢ ᠭᠦᠯᠦᠭ ᠤᠷᠤᠯᠳᠤᠵᠤ ᠪᠠᠶᠢᠭᠠᠳ ᠴᠣᠯᠭᠤᠷᠠᠳᠠᠭ᠂ ᠡᠷᠳᠡᠮ ᠴᠢᠳᠠᠪᠤᠷᠢ ᠨᠢ ᠪᠣᠯᠪᠠᠰᠤᠷᠠᠵᠤ ᠪᠠᠶᠢᠭᠠᠳ | ᠴᠠᠭᠠᠷᠠᠳᠠᠭ︾᠃ ᠴᠠᠭᠠᠷᠠᠭᠰᠠᠨ ᠡᠷᠳᠡᠮ ᠴᠢᠳᠠᠪᠤᠷᠢ ᠶᠢ ᠰᠠᠶᠢᠲᠤᠷ ᠰᠤᠷᠴᠤ᠂ ᠦᠨᠡᠨ ᠬᠦ ᠠᠳᠬᠤᠨ ᠪᠣᠳᠠᠲᠠᠢ ᠠᠵᠢᠯᠯᠠᠪᠠᠯ | ᠪᠢᠳᠠ ᠯᠠᠪᠲᠠᠢ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠡᠬᠡ ᠤᠯᠤᠰ ᠤᠨ | ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ | ᠪᠠᠶᠢᠭᠤᠯᠵᠤ ᠴᠢᠳᠠᠨ᠎ᠠ᠃ |