ᠥᠭᠡᠷᠡᠴᠢᠯᠡᠯᠲᠡ ᠬᠢᠬᠦ ᠨᠢ ︽1+1=2︾ ᠭᠡᠰᠡᠨ ᠳᠥᠭᠦᠮᠬᠡᠨ ᠶᠠᠪᠤᠳᠠᠯ ᠪᠢᠰᠢ ᠶᠤᠮ᠃ ᠬᠤᠯᠪᠣᠭᠳᠠᠯ | ᠪᠦᠬᠦᠢ ᠥᠭᠡᠷᠡᠴᠢᠯᠡᠯᠲᠡ ᠶᠢ ᠬᠡᠷᠪᠡ ᠬᠤᠪᠢ ᠬᠤᠪᠢᠨ ᠤ ᠪᠤᠳᠤᠬᠰᠠᠨ ᠢᠶᠠᠷ ᠢᠶᠠᠨ ᠬᠢᠬᠦ ᠳᠤ ᠭᠦᠷᠪᠡᠯ ᠦᠷ᠎ᠡ ᠳ᠋ᠦᠩ | ᠨᠢ ᠳᠠᠷᠤᠢ ︽2 ᠠᠴᠠ ᠪᠠᠭ᠎ᠠ︾ ᠪᠤᠯᠬᠤ ᠶᠤᠮ᠂ ᠭᠠᠭᠴᠠ ᠬᠦ ᠠᠳᠠᠯᠢ ᠴᠢᠭᠯᠡᠯ ᠢᠶᠠᠷ ᠬᠦᠴᠦᠯᠡᠪᠡᠯ ᠰᠠᠶ᠋ᠢ ︽= 2︾ | ᠴᠢᠨᠠᠭᠰᠢᠯᠠᠪᠠᠯ ︽>2︾ ᠪᠤᠯᠬᠤ ᠶᠤᠮ᠃ | ᠰᠤᠷ ᠬᠠᠷᠪᠤᠪᠠᠯ ᠫᠠᠢ ᠶᠢ ᠬᠠᠷᠠᠨ᠎ᠠ᠂ ᠳᠠᠯᠠᠢ ᠳᠤ ᠠᠶᠠᠯᠠᠪᠠᠯ ᠴᠠᠮᠬᠠᠭ ᠢ ᠬᠠᠷᠠᠨ᠎ᠠ᠃ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ ᠨᠢᠭᠡ | ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ | ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠣᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠠᠵᠢᠯ ᠮᠥᠨ᠂ ᠡᠯ᠎ᠡ ᠬᠦᠷᠢᠶ᠎ᠡ ᠡᠯ᠎ᠡ ᠲᠠᠯ᠎ᠠ ᠶᠢᠨ | ᠰᠡᠳᠬᠢᠮᠵᠢ ᠠᠷᠭ᠎ᠠ ᠬᠢᠳᠡᠯ ᠴᠥᠮ ᠡᠳᠡᠭᠡᠷ ᠠᠵᠢᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ | ᠬᠦᠴᠦᠯᠡᠬᠦ ᠬᠡᠷᠡᠭᠲᠡᠢ᠃ ᠡᠭᠦᠷᠭᠡ ᠲᠣᠭᠲᠠᠭᠠᠨ ᠠᠷᠭ᠎ᠠ ᠬᠡᠮᠵᠢᠶ᠎ᠡ ᠠᠪᠬᠤ ᠳᠤ ᠤᠷᠢᠳᠠᠭᠢ ᠬᠤᠶᠢᠲᠤᠬᠢ᠂ ᠬᠠᠵᠠᠭᠤ | ᠬᠠᠪᠢ᠂ ᠣᠳᠣ ᠢᠷᠡᠭᠡᠳᠦᠢ ᠶᠢ ᠴᠥᠮ ᠪᠦᠷᠢᠨ ᠭᠦᠢᠴᠡᠳ ᠪᠣᠳᠣᠯᠬᠢᠯᠠᠵᠤ᠂ ᠡᠴᠦᠰ ᠤᠨ ᠬᠠᠷᠠᠯᠲᠠ ᠪᠠᠨ | ᠪᠡᠶᠡᠯᠡᠭᠦᠯᠬᠦ ᠳᠤ ᠶᠠᠭᠠᠬᠢᠵᠤ ᠬᠢᠪᠡᠯ ᠠᠰᠢᠭᠲᠠᠢ ᠪᠠᠶᠢᠪᠠᠯ ᠲᠡᠭᠡᠵᠦ ᠬᠢᠬᠦ ᠬᠡᠷᠡᠭᠲᠡᠢ᠃ ᠪᠣᠳᠠᠲᠤ ᠦᠢᠯᠡᠳᠦᠯᠭᠡ ᠶᠢᠨ | ᠳᠤᠮᠳᠠ ᠪᠠᠰᠠ ᠨᠢᠭᠡ ᠴᠡᠭ ᠢ ᠪᠠᠲᠤ ᠡᠵᠡᠮᠳᠡᠵᠦ᠂ ᠶᠠᠪᠤᠳᠠᠯ ᠢ ᠪᠦᠲᠦᠭᠡᠵᠦ ᠳᠡᠶᠢᠯᠪᠡᠯ ᠲᠡᠭᠡᠵᠦ ᠬᠢᠬᠦ ᠬᠡᠷᠡᠭᠲᠡᠢ᠂ | ᠰᠠᠭᠰᠤᠨ ᠳᠠᠬᠢ ᠨᠠᠢᠮᠠᠯᠵᠢ ᠰᠢᠭ᠋ ︽ᠭᠠᠷ ᠬᠥᠯ ᠠᠴᠠ ᠪᠠᠨ ᠴᠢᠩᠭᠠᠭᠠᠯᠴᠠᠵᠤ︾ ᠪᠤᠯᠬᠤ ᠦᠭᠡᠢ᠃ ᠰᠢᠨ᠎ᠡ | ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠪᠠᠶᠢᠭᠤᠯᠬᠤ ᠳᠤ ︽ᠴᠠᠭᠢᠯᠭᠠᠨ ᠭᠠᠷᠭᠠᠵᠤ ᠳᠡᠶᠢᠯᠭᠦ︾᠂ | ︽ᠲᠣᠣᠷ ᠬᠦᠷᠭᠡᠵᠦ ᠳᠡᠶᠢᠯᠭᠦ︾᠂ ︽ᠡᠨᠧᠷᠭᠢ ᠬᠡᠷᠡᠭᠯᠡᠵᠦ ᠳᠡᠶᠢᠯᠭᠦ︾ ᠬᠠᠷᠠᠯᠲᠠ ᠲᠡᠶᠢᠰᠢ ᠵᠡᠷᠭᠡ ᠪᠠᠷ ᠲᠦᠯᠬᠢᠨ | ᠠᠬᠢᠭᠤᠯᠬᠤ ᠴᠢᠬᠤᠯᠠᠲᠠᠢ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠡᠳᠦᠪ ᠲᠣᠭᠲᠠᠭᠠᠬᠤ ᠪᠠᠷ | ᠭᠤᠶᠤᠴᠢᠯᠠᠬᠤ᠂ ᠭᠠᠷ ᠭᠦᠢᠴᠡᠳᠬᠡᠯ ᠢ ᠬᠢᠨᠠᠨ ᠵᠥᠪᠰᠢᠶᠡᠷᠡᠬᠦ᠂ ᠡᠯᠧᠮᠧᠨ᠋ᠲ ᠢ ᠪᠠᠲᠤᠯᠠᠬᠤ ᠵᠡᠷᠭᠡ ᠵᠠᠩᠭᠢᠯᠠᠭ᠎ᠠ ᠶᠢᠨ | ᠲᠣᠭᠤᠷᠢᠨ ᠳᠤ ᠬᠠᠮᠲᠤ ᠳᠤᠨᠢ ᠠᠳᠬᠤᠬᠤ ᠴᠢᠬᠤᠯᠠᠲᠠᠢ ᠪᠠᠶᠢᠵᠤ᠂ ᠠᠵᠢᠯ ᠣᠯᠭᠤᠯᠲᠠ ᠶᠢ ᠠᠬᠢᠭᠤᠯᠬᠤ ᠳᠤ ᠠᠵᠤ | ᠠᠬᠤᠶᠢᠯᠠᠯ ᠡᠷᠭᠢᠯᠡᠭᠦ᠂ ᠠᠵᠢᠯ ᠤᠨ ᠪᠠᠶᠢᠷᠢ ᠶᠢ ᠥᠷᠭᠡᠳᠬᠡᠬᠦ᠂ ᠪᠣᠯᠪᠠᠰᠤᠷᠠᠯ ᠬᠢᠬᠦ ᠵᠡᠷᠭᠡ ᠭᠤᠣᠯᠳᠠᠯᠭ᠎ᠠ ᠲᠠᠢ | ᠰᠢᠰᠲ᠋ᠧᠮ ᠢ ᠴᠢᠩᠭ᠎ᠠ ᠠᠳᠬᠤᠵᠤ᠂ ᠠᠯᠢ ᠨᠢᠭᠡᠨ ᠲᠠᠯ᠎ᠠ ᠪᠠ ᠶᠠᠮᠠᠷ ᠨᠢᠭᠡᠨ ᠭᠤᠭᠴᠤᠭ᠎ᠠ ᠳᠤ ︽ᠬᠡᠯᠬᠢᠶ᠎ᠡ ᠲᠠᠰᠤᠷᠠᠵᠤ︾ | ᠪᠤᠯᠬᠤ ᠦᠭᠡᠢ᠃ | ᠤᠯᠠᠨ ᠤ ᠬᠦᠴᠦᠨ ᠳᠤ ᠣᠪᠣᠭ᠎ᠠ ᠪᠣᠰᠣᠨ᠎ᠠ᠃ ᠤᠯᠠᠨ ᠰᠠᠯᠠᠭ᠎ᠠ ᠮᠥᠴᠢᠷ ᠲᠤ ᠬᠤᠯᠪᠣᠭᠳᠠᠭᠰᠠᠨ | ᠥᠭᠡᠷᠡᠴᠢᠯᠡᠯᠲᠡ ᠳᠤ ᠬᠠᠷᠢᠭᠤᠴᠠᠯᠭ᠎ᠠ ᠶᠢ ᠬᠤᠯᠪᠣᠯᠳᠤᠭᠤᠯᠬᠤ᠂ ᠴᠡᠷᠢᠭ ᠬᠤᠪᠢᠶᠠᠨ ᠪᠣᠭᠤᠮᠲᠠ ᠰᠠᠬᠢᠬᠤ ᠶᠢ | ᠴᠢᠩᠭᠠᠳᠬᠠᠵᠤ᠂ ︽ᠡᠭᠦᠳᠡᠨ ᠡᠮᠦᠨᠡᠬᠢ ᠴᠠᠰᠤ ᠪᠠᠨ ᠠᠷᠢᠯᠭᠠᠬᠤ︾ ᠰᠡᠳᠬᠢᠮᠵᠢ ᠶᠢ ᠡᠪᠳᠡᠵᠦ᠂ ︽ᠬᠡᠨ ᠤ ᠬᠢᠭᠰᠡᠨ ᠨᠢ | ᠲᠣᠳᠣᠷᠬᠠᠢ ᠪᠤᠰᠤ ᠪᠣᠯ ᠥᠪᠡᠷ ᠢᠶᠠᠨ ᠤᠷᠢᠳ ᠢᠶᠠᠷ ᠬᠢᠬᠦ︾ ᠤᠬᠠᠮᠰᠠᠷ ᠢ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠪᠠᠨ ᠨᠥᠬᠦᠪᠦᠷᠢᠯᠡᠵᠦ᠂ ᠨᠢᠭᠲᠠ ᠬᠠᠮᠵᠢᠯᠴᠠᠵᠤ᠂ ᠥᠪᠡᠷ ᠤᠨ | ᠴᠢᠷᠮᠠᠶᠢᠯᠭ᠎ᠠ ᠪᠠᠷ ᠢᠶᠠᠨ ᠪᠦᠭᠦ᠋ᠢᠯᠡ ᠠᠵᠢᠯ ᠢᠶᠠᠨ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠠᠳᠠᠯᠢ ᠪᠤᠰᠤ | ᠬᠦᠷᠢᠶᠡᠨ ᠤ ᠥᠭᠡᠷᠡᠴᠢᠯᠡᠯᠲᠡ ᠳᠤ ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠶᠢ ᠰᠠᠶᠢᠲᠤᠷ ᠠᠳᠬᠤᠵᠤ᠂ | ᠵᠣᠬᠢᠴᠠᠭᠤᠯᠤᠨ ᠢᠵᠢ ᠪᠦᠷᠢᠳᠦᠭᠦᠯᠬᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠶᠢ ᠦᠨᠡᠨ ᠬᠦ | ᠪᠠᠲᠤᠯᠠᠵᠤ᠂ ᠥᠭᠡᠷᠡᠴᠢᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠵᠦ᠂ ᠢᠯᠠᠩᠭᠤᠶ᠎ᠠ | ᠠᠳᠡᠬᠢ ᠥᠭᠡᠷᠡᠴᠢᠯᠡᠯᠲᠡ ᠨᠢ ᠲᠡᠨᠳᠡᠬᠢ ᠥᠭᠡᠷᠡᠴᠢᠯᠡᠯᠲᠡ ᠳᠤ ᠠᠶᠤᠯ ᠲᠦᠭᠰᠢᠭᠦᠷᠢ ᠤᠴᠠᠷᠠᠭᠤᠯᠬᠤ ᠶᠢ ᠰᠡᠷᠭᠡᠶᠢᠯᠡᠬᠦ | ᠬᠡᠷᠡᠭᠲᠡᠢ᠃ | ᠪᠦᠭᠦ ᠱᠠᠲᠤ ᠪᠠᠷ ᠢᠶᠠᠨ ᠬᠠᠮᠵᠢᠯᠴᠠᠨ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ ᠪᠣᠯ | ᠮᠠᠨ ᠤ ᠤᠯᠤᠰ ᠤᠨ ᠨᠢᠭᠡᠨ ᠶᠡᠭᠡ ᠢᠯᠡᠷᠬᠡᠢ ᠳᠠᠪᠠᠭᠤᠯᠢᠭ ᠮᠥᠨ᠃ ᠰᠡᠳᠬᠢᠯ ᠵᠢᠷᠦᠬᠡ ᠪᠠᠨ ᠭᠤᠣᠯᠳᠠᠯᠭ᠎ᠠ ᠳᠤ | ᠬᠠᠨᠳᠤᠭᠤᠯᠤᠨ᠂ ᠬᠠᠮᠲᠤ ᠪᠠᠷ ᠤᠷᠤᠭᠰᠢᠯᠠᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠪᠠᠯ ᠥᠪᠥᠷ ᠮᠣᠩᠭᠤᠯ | ᠯᠠᠪᠲᠠᠢ ᠥᠭᠡᠳᠡᠷᠬᠡᠭ ︽ᠤᠷᠤᠭᠰᠢᠯᠠᠵᠤ︾᠂ ᠢᠳᠡᠷᠡᠭᠦᠨ ︽ᠳᠠᠪᠰᠢᠵᠤ︾ ᠴᠢᠳᠠᠨ᠎ᠠ᠃ |