3 ᠰᠠᠷ᠎ᠠ ᠶᠢᠨ 15 ᠤ ᠦᠳᠡ ᠶᠢᠨ ᠡᠮᠦᠨ᠎ᠡ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠰᠢᠯᠢ ᠶᠢᠨ ᠭᠤᠣᠯ ᠠᠶᠢᠮᠠᠭ ᠤᠨ ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠳᠠᠷᠤᠭ᠎ᠠ | ᠠᠯᠲᠠᠨᠳᠠᠯᠠᠢ ᠨᠤᠲᠤᠭ ᠲᠠᠭᠠᠨ ᠪᠤᠴᠠᠵᠤ ᠢᠷᠡᠭᠰᠡᠨ ᠤ ᠳᠠᠷᠠᠭ᠎ᠠ᠂ ᠰᠥᠨᠢᠳ ᠵᠡᠭᠦᠨ ᠬᠤᠰᠢᠭᠤᠨ ᠤ ᠨᠠᠮ ᠤᠨ | ᠰᠤᠷᠭᠠᠭᠤᠯᠢ ᠳᠤ ᠬᠦᠷᠴᠦ᠂ ᠨᠤᠲᠤᠭ ᠤᠨ ᠢᠶᠠᠨ ᠺᠠᠳ᠋ᠷ ᠣᠯᠠᠨ ᠲᠦᠮᠡᠨ ᠳᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠪᠠ᠃ ᠲᠡᠷᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠯᠦᠭᠡ ᠤᠶᠠᠯᠳᠤᠭᠤᠯᠤᠨ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠵᠡᠷᠭᠡ ᠠᠭᠤᠯᠭ᠎ᠠ ᠶᠢ ᠲᠠᠶᠢᠯᠪᠤᠷᠢᠯᠠᠬᠤ ᠶᠢᠨ ᠬᠠᠮᠲᠤ | ᠦᠨᠳᠦᠰᠦᠨ ᠱᠠᠲᠤᠨ ᠤ ᠺᠠᠳ᠋ᠷᠴᠤᠳ ᠤᠨ ᠣᠯᠠᠨ ᠲᠦᠮᠡᠨ ᠤ ᠠᠮᠢᠳᠤᠷᠠᠯ ᠳᠤ ᠭᠦᠨᠵᠡᠭᠡᠶᠢᠷᠡᠵᠦ᠂ ᠪᠣᠳᠠᠲᠤ | ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠦᠢᠯᠡᠴᠢᠯᠡᠬᠦ ᠶᠢ ᠵᠣᠷᠢᠭᠵᠢᠭᠤᠯᠪᠠ᠃ | ᠠᠯᠲᠠᠨᠳᠠᠯᠠᠢ᠄ ︽ᠬᠢᠯᠢ ᠬᠢᠵᠠᠭᠠᠷ ᠤᠨ ᠬᠥᠭᠵᠢᠯᠲᠡ ᠺᠠᠳ᠋ᠷ ᠤᠯᠠᠨ ᠲᠦᠮᠡᠨ ᠤ ᠴᠢᠷᠮᠠᠶᠢᠯᠭ᠎ᠠ ᠠᠴᠠ ᠰᠠᠯᠵᠤ | ᠴᠢᠳᠠᠬᠤ ᠦᠭᠡᠢ᠂ ᠪᠢᠳᠡ ᠨᠠᠮ ᠤᠨ ᠬᠠᠶᠢᠷ᠎ᠠ ᠬᠠᠯᠠᠮᠵᠢ ᠶᠢ ᠤᠯᠠᠨ ᠲᠦᠮᠡᠨ ᠳᠡᠭᠡᠨ ᠳᠠᠮᠵᠢᠭᠤᠯᠵᠤ᠂ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠨ ᠢᠶᠠᠨ ᠲᠠᠶᠢᠴᠢᠯᠠᠨ ᠳᠠᠭᠠᠭᠤᠯᠵᠤ᠂ ᠬᠠᠮᠲᠤ ᠪᠠᠷ | ᠴᠢᠨᠡᠭᠡᠯᠢᠭᠵᠢᠨ ᠪᠠᠶᠠᠵᠢᠯ ᠤᠨ ᠲᠠᠷᠳᠠᠩ ᠬᠠᠷᠭᠤᠢ ᠪᠠᠷ ᠵᠠᠮᠨᠠᠵᠠᠭᠠᠶᠠ᠃ ᠪᠢᠳᠡ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠵᠦ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠶ᠎ᠠ︾ ᠭᠡᠵᠦ | ᠬᠡᠯᠡᠭᠰᠡᠨ ᠪᠠᠶᠢᠨ᠎ᠠ᠃ | ᠰᠥᠨᠢᠳ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠡᠳ᠋ ᠳᠠᠷᠤᠭ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠭᠢᠯᠡᠭᠴᠢ ᠯᠢᠦ ᡁᠢ ᠭᠠᠩ᠄ | ︽ᠰᠠᠶ᠋ᠢᠬᠠᠨ ᠪᠢᠳᠡ ᠠᠯᠲᠠᠨᠳᠠᠯᠠᠢ ᠨᠥᠬᠦᠷ ᠤᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠲᠤᠬᠠᠢ | ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ ᠮᠠᠰᠢ ᠵᠣᠷᠢᠭᠵᠢᠯ᠎ᠠ᠃ ᠡᠨᠡ ᠵᠢᠯ ᠤᠨ ᠬᠤᠶᠠᠷ ᠬᠤᠷᠠᠯ ᠳᠡᠭᠡᠷ᠎ᠡ | ︿ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ﹀ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠬᠤ ᠬᠡᠷᠡᠭᠲᠡᠢ ᠭᠡᠵᠦ | ᠳᠠᠬᠢᠨᠲᠠ ᠳᠤᠷᠠᠳᠪᠠ᠃ ᠲᠤᠬᠠᠶᠢᠯᠠᠭᠰᠠᠨ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠳᠡ | ᠵᠠᠯᠭᠠᠭᠠᠳ ᠲᠣᠮᠣ ᠠᠵᠢᠯ ᠣᠯᠭᠤᠯᠲᠠ ᠶᠢᠨ ᠪᠠᠶᠢᠷᠢᠰᠢᠯ ᠢ ᠪᠠᠶᠢᠭᠤᠯᠵᠤ᠂ ᠭᠦᠳᠡᠯᠮᠦᠷᠢ ᠬᠦᠴᠦᠨ ᠤ ᠬᠠᠩᠭᠠᠯᠭ᠎ᠠ | ᠬᠡᠷᠡᠭᠴᠡᠭᠡ ᠶᠢ ᠲᠣᠬᠢᠷᠠᠭᠤᠯᠬᠤ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ᠂ ᠦᠢᠯᠡᠴᠢᠯᠡᠭᠡ ᠶᠢᠨ ᠨᠠᠷᠢᠨ | ᠲᠠᠩᠰᠠ᠂ ᠠᠵᠢᠯ ᠤᠨ ᠪᠠᠶᠢᠷᠢ ᠶᠢᠨ ᠨᠠᠷᠢᠨ ᠲᠠᠩᠰᠠ᠂ ᠠᠵᠢᠯᠲᠠᠨ ᠤ ᠨᠠᠷᠢᠨ ᠲᠠᠩᠰᠠ ᠭᠠᠷᠭᠠᠵᠤ᠂ ᠪᠦᠭᠦ ᠬᠤᠰᠢᠭᠤᠨ ᠤ | ᠠᠵᠢᠯᠴᠢᠨ ᠬᠡᠷᠡᠭᠯᠡᠬᠦ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠢ ᠣᠶᠢᠯᠠᠭᠠᠵᠤ᠂ | ᠬᠥᠳᠡᠯᠮᠦᠷᠢᠴᠢᠨ ᠤᠯᠠᠨ ᠳᠤ ᠨᠠᠩ ᠳᠥᠭᠦᠮ ᠳᠥᠲᠡ ᠦᠢᠯᠡᠴᠢᠯᠡᠭᠡ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ | ᠳᠤᠷᠠᠳᠤᠭᠰᠠᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠦᠴᠦᠯᠡᠨ ᠠᠬᠢᠭᠤᠯᠤᠨ᠎ᠠ︾ ᠭᠡᠪᠡ᠃ | ᠠᠯᠲᠠᠨᠳᠠᠯᠠᠢ ᠨᠠᠮ ᠤᠨ ᠰᠤᠷᠭᠠᠭᠤᠯᠢ ᠳᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠪᠠᠷᠠᠭᠰᠠᠨ ᠤ | ᠳᠠᠷᠠᠭ᠎ᠠ ᠠᠵᠢᠯ ᠤᠨ ᠪᠠᠶᠢᠷᠢᠨ ᠳᠠᠭᠠᠨ ᠪᠤᠴᠠᠵᠤ᠂ ᠤᠯᠠᠭᠠᠨᠮᠥ᠋ᠴᠢᠷ ᠤᠨ ᠭᠡᠰᠢᠭᠦᠳ ᠲᠠᠢ ᠪᠠᠨ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠬᠤᠪᠢᠶᠠᠯᠴᠠᠪᠠ᠃ ᠠᠯᠲᠠᠨᠳᠠᠯᠠᠢ᠄ ︽ᠤᠯᠠᠭᠠᠨᠮᠥ᠋ᠴᠢᠷ ᠤᠨ ᠦᠨᠳᠦᠰᠦ ᠰᠠᠭᠤᠷᠢ ᠦᠨᠳᠦᠰᠦᠨ | ᠱᠠᠲᠤᠨ ᠳᠤ ᠪᠤᠢ᠂ ᠰᠦᠭ ᠰᠦᠨᠡᠰᠦ ᠨᠢ ᠠᠷᠠᠳ ᠲᠦᠮᠡᠨ ᠤ ᠳᠤᠮᠳᠠ ᠪᠤᠢ᠂ ᠵᠣᠬᠢᠶᠠᠨ ᠪᠦᠲᠦᠭᠡᠯᠭᠡ ᠨᠢ ᠬᠤᠪᠢᠰᠬᠠᠯᠲᠤ | ᠤᠳᠤᠮᠰᠢᠯ ᠢ ᠵᠠᠯᠭᠠᠮᠵᠢᠯᠠᠬᠤ ᠪᠠᠷ ᠪᠠᠷᠠᠬᠤ ᠦᠭᠡᠢ ᠪᠠᠰᠠ ᠴᠠᠭ ᠦᠶ᠎ᠡ ᠶᠢᠨ ᠠᠯᠬᠤᠭ᠎ᠠ ᠶᠢ ᠲᠠᠭᠠᠵᠤ᠂ ᠤᠯᠠᠮᠵᠢᠯᠠᠯ | ᠰᠢᠨᠡᠴᠢᠯᠡᠯ ᠢᠶᠠᠷ ᠰᠣᠶᠣᠯ ᠤᠷᠠᠯᠢᠭ ᠢᠶᠠᠨ ᠤᠯᠠᠮ ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠢ︾ ᠭᠡᠵᠦ | ᠶᠠᠷᠢᠭᠰᠠᠨ ᠪᠠᠶᠢᠨ᠎ᠠ᠃ | ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠲᠠᠮᠵᠢᠨ᠂ ᠡᠷᠴᠢ ᠵᠣᠷᠢᠭ ᠬᠥᠪᠴᠢᠯᠡᠭᠳᠡᠵᠦ᠂ ᠠᠵᠢᠯ | ᠦᠢᠯᠡᠰ ᠢᠶᠠᠨ ᠳᠡᠭᠡᠳᠦᠯᠡᠵᠦ᠂ ᠨᠡᠩ ᠤᠯᠠᠨ ᠰᠣᠳᠣᠨ ᠰᠠᠶᠢᠬᠠᠨ ᠤᠷᠠᠯᠢᠭ ᠤᠨ ᠪᠦᠲᠦᠭᠡᠯ ᠢᠶᠠᠨ ᠠᠷᠠᠳ ᠤᠯᠠᠨ ᠳᠠᠭᠠᠨ | ᠡᠷᠭᠦᠨ ᠪᠠᠷᠢᠬᠤ ᠪᠠᠷ ᠴᠢᠷᠮᠠᠶᠢᠨ ᠲᠡᠮᠡᠴᠡᠨ᠎ᠡ ᠭᠡᠵᠦ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ | ᠤᠯᠠᠭᠠᠨᠮᠥ᠋ᠴᠢᠷ ᠤᠨ ᠭᠡᠰᠢᠭᠦᠳ ᠢᠯᠡᠷᠬᠡᠶᠢᠯᠡᠵᠡᠭᠡᠭᠰᠡᠨ ᠪᠠᠶᠢᠨ᠎ᠠ᠃ ᠲᠠᠳᠠ ᠤᠳᠤ ᠶᠠᠭ ᠢᠵᠠᠭᠤᠷ ᠤᠷᠠᠯᠢᠭ ᠪᠣᠯᠣᠨ | ᠣᠲᠣ ᠦᠶ᠎ᠡ ᠶᠢᠨ ᠠᠶ᠎ᠠ ᠳᠠᠭᠤᠤ ᠶᠢ ᠠᠮᠢᠳᠤᠯᠢᠭ ᠤᠶᠠᠯᠳᠤᠭᠤᠯᠬᠤ ᠪᠠᠷ ᠲᠤᠷᠰᠢᠵᠤ ᠪᠠᠶᠢᠬᠤ ᠪᠥᠭᠡᠳ ᠣᠬᠤᠷ ᠹᠢᠯᠢᠮ | ᠰᠢᠩᠭᠡᠬᠡᠨ ᠦᠢᠯᠡᠳᠴᠦ᠂ ᠰᠦᠯᠵᠢᠶ᠎ᠡ ᠳᠡᠭᠡᠷ᠎ᠡ ᠬᠥᠮᠥᠰ ᠲᠤ ᠠᠶ᠎ᠠ ᠳᠠᠭᠤᠤ ᠪᠠᠨ ᠰᠣᠨᠣᠷᠳᠠᠭᠤᠯᠬᠤ ᠪᠠᠷ ᠲᠥᠰᠥᠪᠯᠡᠵᠦ | ᠪᠠᠶᠢᠨ᠎ᠠ᠃ | ᠠᠯᠲᠠᠨᠳᠠᠯᠠᠢ ᠶᠢᠨ ᠢᠯᠡᠷᠬᠡᠶᠢᠯᠡᠬᠦ ᠪᠠᠷ᠂ ᠡᠨᠡ ᠵᠢᠯ ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ︽ᠵᠠᠭᠤᠨ | ᠲᠠᠯᠠᠪᠠᠢ ᠬᠢᠯᠢ ᠬᠢᠵᠠᠭᠠᠷ ᠤᠨ ᠲᠣᠭᠤᠷᠢᠨ ᠲᠤᠬᠯᠠᠯᠳᠠ ᠶᠢᠨ ᠠᠶᠠᠯᠠᠯ︾ ᠥᠷᠨᠢᠭᠦᠯᠬᠦ ᠪᠠᠷ ᠲᠥᠯᠥᠪᠯᠡᠵᠦ ᠪᠤᠢ᠂ ᠡᠨᠡ ᠨᠢ | ᠰᠥᠨᠢᠳ ᠵᠡᠭᠦᠨ ᠬᠤᠰᠢᠭᠤᠨ ᠤ 3.4 ᠲᠦᠮᠡᠨ ᠲᠡᠭᠰᠢ ᠳᠥᠷᠪᠡᠯᠵᠢᠨ ᠺᠢᠯᠣᠮᠧᠲᠷ ᠨᠤᠲᠤᠭ ᠳᠡᠪᠢᠰᠬᠡᠷ ᠳᠡᠭᠡᠷᠡᠬᠢ | ᠮᠠᠯᠵᠢᠬᠤ ᠣᠷᠣᠨ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠢ ᠬᠠᠮᠤᠷᠴᠤ ᠪᠤᠢ᠃ ᠪᠢᠳᠡ ᠪᠠᠰᠠ ᠰᠢᠨ᠎ᠡ | ᠤᠯᠠᠮᠵᠢᠯᠠᠨ ᠳᠠᠮᠵᠢᠭᠤᠯᠬᠤ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠶᠢᠨ ᠬᠠᠮᠲᠤ᠂ ᠭᠠᠳᠠᠷ ᠣᠷᠣᠨ ᠳᠠᠬᠢ | ᠲᠣᠭᠤᠷᠢᠨ ᠲᠣᠬᠯᠠᠯᠳᠠ ᠶᠢ ᠵᠣᠬᠢᠶᠠᠨ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭ ᠢ | ᠪᠦᠭᠦ ᠤᠯᠤᠰ ᠲᠤ ᠰᠤᠷᠲᠠᠯᠴᠢᠯᠠᠬᠤ ᠪᠠᠷ ᠵᠣᠷᠢᠵᠤ ᠪᠤᠢ ᠭᠡᠯᠡ᠃ | |