ᠵᠢᠷᠭᠤᠭᠠᠨ ᠠᠵᠢᠯᠯᠠᠭ᠎ᠠ · ᠡᠷᠡᠯᠬᠡᠭᠯᠡᠨ ᠤᠷᠤᠭᠰᠢᠯᠠᠭᠰᠠᠨ ᠰᠢᠯᠢ ᠶᠢᠨ ᠬᠤᠲᠠ — ᠤᠯᠠᠭᠠᠨᠮᠥ᠋ᠴᠢᠷ᠄ ᠤᠮᠠᠷᠠᠲᠤ ᠬᠢᠯᠢ ᠶᠢᠨ ᠠᠶᠢᠵᠠᠮ ᠴᠣᠬᠢᠯᠭ᠎ᠠ ᠶᠢ ᠭᠥᠭᠵᠢᠮᠳᠡᠨ ᠴᠠᠭ ᠦᠶ᠎ᠡ ᠶᠢᠨ ᠮᠠᠭᠲᠠᠭᠠᠯ ᠳᠠᠭᠤᠤ ᠶᠢ ᠬᠠᠩᠭᠢᠨᠠᠭᠤᠯᠤᠨ᠎ᠠ
ᠨᠡᠶᠢᠲᠡᠯᠡᠭᠰᠡᠨ ᠴᠠᠭ᠄
2025/3/19
    ᠡᠨᠡ ᠵᠢᠯ᠂  ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠬᠢᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ᠰᠢᠯᠢᠳᠡᠭ ᠰᠣᠶᠣᠯ ᠢ ᠴᠡᠴᠡᠭᠯᠡᠭᠦᠯᠦᠨ ᠬᠥᠭᠵᠢᠭᠦᠯᠬᠦ᠂ ᠠᠷᠠᠳ ᠲᠦᠮᠡᠨ ᠳᠤ ᠠᠰᠢᠭ ᠬᠦᠷᠲᠡᠭᠡᠬᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠡᠰᠢᠭᠦᠳ ᠤᠨ ᠣᠯᠠᠨ ᠲᠦᠮᠡᠨ ᠲᠠᠢ ᠣᠶᠢᠷᠠᠳᠤᠭᠰᠠᠨ᠂ ᠣᠯᠠᠨ ᠲᠦᠮᠡᠨ   ᠳᠤ  ᠣᠯᠠᠮᠵᠢᠯᠠᠭᠳᠠᠬᠤ᠂ ᠣᠯᠠᠨ ᠲᠦᠮᠡᠨ ᠤ ᠲᠣᠮᠳᠠ ᠦᠯᠡᠳᠡᠵᠦ ᠳᠡᠶᠢᠯᠬᠦ ᠤᠳᠬ᠎ᠠ ᠤᠷᠠᠯᠢᠭ ᠤᠨ ᠪᠦᠲᠦᠭᠡᠯ ᠢ ᠨᠠᠩ ᠣᠯᠠᠨ ᠵᠣᠬᠢᠶᠠᠨ ᠪᠦᠲᠦᠭᠡᠬᠦ ᠶᠢ ᠵᠣᠷᠢᠭᠵᠢᠭᠤᠯᠵᠤ᠂ ᠤᠯᠠᠭᠠᠨᠮᠥ᠋ᠴᠢᠷ ᠤᠨ  ᠠᠷᠠᠳ  ᠣᠯᠠᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠲᠠᠭᠤᠨ ᠪᠠ ᠬᠠᠯᠠᠮᠵᠢᠯᠠᠯ ᠢ ᠦᠨᠳᠦᠰᠦᠨ ᠱᠠᠲᠤᠨ ᠳᠤ ᠬᠦᠷᠭᠡᠵᠦ᠂ ᠪᠠᠶᠠᠷ ᠪᠠᠶᠠᠰᠤᠯ ᠪᠠ ᠪᠣᠯᠪᠠᠰᠤᠨ ᠢ ᠣᠯᠠᠨ ᠲᠦᠮᠡᠨ ᠤ ᠬᠠᠵᠠᠭᠤ ᠳᠤ ᠬᠦᠷᠭᠡᠬᠦ ᠬᠡᠷᠡᠭᠲᠡᠶ᠃     ︽ᠤᠷᠢᠬᠠᠨ ᠰᠠᠯᠬᠢ ᠡᠪᠡᠰᠦ ᠪᠡᠯᠴᠢᠭᠡᠷ ᠢ ᠬᠡᠶᠢᠰᠬᠡᠵᠦ᠂ ᠲᠦᠮᠡᠨ ᠠᠬᠳᠠ ᠶᠢᠨ ᠲᠦᠪᠡᠷᠭᠡᠨ ᠳᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠮᠠᠯᠴᠢᠨ ᠮᠣᠷᠢ ᠤᠷᠭᠠᠯᠠᠨ ᠲᠩᠷᠢ ᠭᠠᠵᠠᠷ ᠢ ᠬᠡᠮᠵᠢᠵᠦ᠂ ᠭᠤᠣᠯ ᠤᠨ ᠤᠰᠤ ᠲᠠᠯ᠎ᠠ ᠨᠤᠲᠤᠭ ᠤᠨ ᠰᠦᠭ ᠰᠦᠨᠡᠰᠦ ᠶᠢ ᠤᠮᠳᠠᠯᠠᠵᠤ᠂ ᠤᠮᠠᠷᠠᠲᠤ ᠶᠢᠨ ᠥᠷᠯᠥᠭᠡ ᠶᠢᠨ ᠲᠤᠶᠠᠭ᠎ᠠ ᠶᠢ ᠴᠤᠤᠷᠢᠶᠠᠲᠤᠭᠤᠯᠵᠤ᠂ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠢ ᠮᠠᠭᠲᠠᠨ ᠳᠠᠭᠤᠯᠠᠵᠤ᠂ ᠤᠯᠤᠰ ᠠᠷᠠᠳ ᠤᠨ ᠠᠮᠤᠷ ᠠᠮᠤᠭᠤᠯᠠᠩ ᠢ ᠮᠠᠭᠲᠠᠨ ᠰᠠᠶᠢᠰᠢᠶᠠᠨ᠎ᠠ ᠁︾  ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠲᠠᠭᠤᠯᠠᠬᠤ ᠲᠠᠰᠤᠭ ᠲᠤ ᠠᠯᠬᠤᠨ ᠣᠷᠣᠬᠤ ᠳᠤ᠂ ᠢᠷᠠᠭᠤ ᠰᠣᠨᠣᠰᠬᠤᠯᠠᠩᠲᠤ ᠳᠠᠭᠤᠤ ᠪᠠ ᠪᠠᠶᠠᠷ ᠪᠠᠶᠠᠰᠬᠤᠯᠠᠩᠲᠤ ᠠᠶᠢᠵᠠᠮ ᠬᠤᠷᠣᠮᠬᠠᠨ ᠵᠠᠭᠤᠷ᠎ᠠ ᠴᠢᠬᠢᠨ ᠤ ᠬᠠᠵᠠᠭᠤ ᠳᠤ ᠴᠤᠤᠷᠢᠶᠠᠲᠤᠨ᠎ᠠ᠃ ᠭᠡᠰᠢᠭᠦᠳ ᠶᠠᠭ ᠰᠠᠶᠢᠬᠠᠨ ᠰᠢᠨ᠎ᠡ ᠵᠣᠬᠢᠶᠠᠭᠰᠠᠨ ᠳᠠᠭᠤᠤ ᠪᠠᠨ ᠨᠠᠷᠢᠨ ᠬᠢᠨᠠᠮᠠᠭᠠᠶ ᠪᠠᠷ ᠪᠣᠯᠪᠠᠰᠤᠷᠠᠵᠤ  ᠪᠠᠶᠢᠪᠠ᠃      ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠭᠡᠰᠢᠭᠦᠨ ᠰᠠᠷᠠᠩᠭᠤᠸ᠎ᠠ ᠪᠣᠯ ᠡᠨᠡᠬᠦ ︽ᠤᠮᠠᠷᠠᠲᠤ ᠶᠢᠨ ᠥᠷᠯᠥᠭᠡ ᠶᠢᠨ ᠲᠤᠶᠠᠭ᠎ᠠ︾ ᠭᠡᠬᠦ ᠲᠠᠭᠤᠣ ᠶᠢᠨ ᠵᠣᠬᠢᠶᠠᠭᠴᠢ ᠶᠢᠨ ᠨᠢᠭᠡ ᠪᠣᠯᠤᠨ᠎ᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠠᠳᠠ ᠡᠨᠡ ᠬᠦ ᠪᠦᠲᠦᠭᠡᠯ ᠢᠶᠠᠷ ᠳᠠᠮᠵᠢᠭᠤᠯᠤᠨ᠂ ᠤᠮᠠᠷᠠᠲᠤ ᠬᠢᠯᠢ ᠶᠢᠨ ᠠᠷᠠᠳ ᠲᠦᠮᠡᠨ ᠤ ᠡᠬᠡ ᠣᠷᠣᠨ ᠢᠶᠠᠨ ᠬᠠᠶᠢᠷᠠᠯᠠᠬᠤ ᠰᠡᠳᠬᠢᠯᠭᠡ ᠪᠠ ᠬᠦᠨᠳᠦᠳᠬᠡᠯ ᠢ ᠳᠠᠮᠵᠢᠭᠤᠯᠵᠤ᠂ ᠤᠮᠠᠷᠠᠲᠤ ᠬᠢᠯᠢ ᠶᠢᠨ ᠲᠠᠯ᠎ᠠ ᠨᠤᠲᠤᠭ ᠤᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠳᠡᠯᠭᠡᠨ ᠦᠵᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤᠨ ᠤ ᠦᠵᠡᠰᠬᠦᠯᠡᠩᠲᠦ ᠰᠠᠶᠢᠬᠠᠨ ᠵᠢᠷᠤᠭ ᠢ ᠵᠢᠷᠤᠭᠯᠠᠵᠤ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ ᠮᠥᠨ︾ ᠭᠡᠳᠡᠭ ᠢ ᠪᠠᠲᠤ ᠴᠡᠭᠡᠵᠢᠯᠡᠭᠦᠯᠵᠦ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠡᠨᠡ ᠬᠦ ᠬᠢᠯᠪᠠᠷ ᠪᠤᠰᠤ ᠪᠠᠷ ᠢᠷᠡᠭᠰᠡᠨ ᠰᠠᠶᠢᠨ ᠰᠠᠶᠢᠬᠠᠨ ᠠᠮᠢᠳᠤᠷᠠᠯ ᠢᠶᠠᠨ ᠨᠠᠨᠳᠢᠩᠨᠠᠬᠤ ᠶᠢ ᠬᠦᠰᠡᠵᠦ ᠪᠠᠶᠢᠨ᠎ᠠ ᠭᠡᠵᠡᠶ᠃             ᠤᠯᠠᠭᠠᠨᠮᠥ᠋ᠴᠢᠷ ᠤᠨ ᠲᠣᠭᠯᠠᠭᠴᠢ ᠪᠣᠯᠤᠭᠰᠠᠨ ᠤ ᠬᠤᠪᠢ ᠳᠤ᠂ ᠪᠢᠳᠡ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠤᠯᠠᠮᠵᠢᠯᠠᠨ ᠪᠠᠳᠠᠷᠠᠭᠤᠯᠬᠤ ᠶᠢᠨ ᠬᠠᠮᠲᠤ ᠪᠠᠰᠠ ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠤᠨ ᠰᠢᠨ᠎ᠡ ᠪᠦᠲᠦᠭᠡᠯ ᠵᠣᠬᠢᠶᠠᠨ ᠪᠦᠲᠦᠭᠡᠬᠦ ᠴᠢᠬᠤᠯᠠᠲᠠᠢ ᠪᠠᠶᠢᠨ᠎ᠠ᠃ ︽ᠤᠮᠠᠷᠠᠲᠤ ᠬᠢᠯᠢ ᠶᠢᠨ ᠥᠷᠯᠥᠭᠡ ᠶᠢᠨ ᠲᠤᠶᠠᠭ᠎ᠠ︾ ᠶᠢᠨ ᠵᠣᠬᠢᠶᠠᠨ ᠪᠦᠲᠦᠭᠡᠯᠭᠡ ᠶᠢᠨ ᠠᠪᠢᠶᠠᠰ ᠪᠢᠯᠢᠭ ᠨᠢ ᠡᠬᠡ ᠤᠯᠤᠰ ᠤᠨ ᠤᠮᠠᠷᠠᠲᠤ ᠬᠢᠯᠢ ᠶᠢᠨ ᠠᠷᠠᠳ ᠤᠨ ᠵᠠᠩ ᠦᠢᠯᠡ᠂ ᠪᠠᠶᠢᠭᠠᠯᠢ ᠶᠢᠨ ᠥᠩᠭᠡ ᠦᠵᠡᠮᠵᠢ᠂ ᠨᠡᠭᠦᠳᠡᠯ ᠮᠠᠯᠵᠢᠯ ᠤᠨ ᠰᠣᠶᠣᠯ ᠵᠢᠴᠢ ᠬᠥᠮᠦᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠵᠢᠷᠤᠭ ᠠᠴᠠ ᠢᠷᠡᠯᠲᠡ ᠲᠠᠢ ᠶᠤᠮ ᠭᠡᠵᠦ ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠭᠡᠰᠢᠭᠦᠨ  ᠰᠠᠷᠠᠩᠭᠤᠸ᠎ᠠ ᠬᠡᠯᠡᠨ᠎ᠡ᠃ᠪᠣᠯᠪᠠᠰᠤᠷᠠᠯ ᠤᠨ ᠲᠢᠩᠬᠢᠮ ᠳᠤ ᠣᠷᠣᠬᠤ ᠳᠤ᠂ ᠬᠥᠩᠭᠡᠨ ᠱᠠᠯᠠᠮᠠᠭᠠᠶ ᠪᠥᠭᠡᠳ ᠠᠶᠢᠵᠠᠮ ᠴᠣᠬᠢᠯᠭ᠎ᠠ ᠪᠠᠷ ᠲᠡᠭᠦᠯᠳᠡᠷ ᠬᠥᠭ ᠠᠶᠠᠰ ᠢ ᠳᠠᠭᠠᠯᠳᠤᠨ᠂ ᠪᠥᠵᠢᠭ ᠤᠨ ᠠᠩᠭᠢ ᠶᠢᠨ ᠭᠡᠰᠢᠭᠦᠳ ᠲᠣᠯᠢᠨ ᠤ ᠡᠮᠦᠨ᠎ᠡ ᠵᠢᠭᠳᠡᠷᠡᠨ ᠵᠢᠭᠰᠠᠵᠤ ︽ᠠᠮᠤᠷ  ᠠᠮᠣᠭᠤᠯᠠᠩ︾ ᠪᠥᠵᠢᠭ ᠢ ᠪᠣᠯᠪᠠᠰᠤᠷᠠᠵᠤ᠂  ᠠᠩᠬᠠᠷᠤᠯ ᠲᠥᠪᠯᠡᠷᠡᠨ ᠡᠷᠡᠰ ᠴᠢᠩᠭ᠎ᠠ ᠪᠠᠶᠢᠵᠤ᠂ ᠬᠠᠯᠠᠭᠤᠨ ᠰᠡᠳᠬᠢᠯᠭᠡ ᠪᠢᠯᠬᠠᠵᠤ᠂ ᠤᠳᠠᠭ᠎ᠠ ᠪᠦᠷᠢ ᠶᠢᠨ ᠪᠡᠶ᠎ᠡ ᠡᠷᠭᠢᠬᠦ᠂ ᠦᠰᠦᠷᠦᠯᠲᠡ ᠪᠣᠯᠭᠠᠨ ᠳᠤ ᠴᠥᠮ ᠤᠷᠠᠯᠢᠭ ᠤᠨ ᠬᠥᠭᠡᠭᠡᠴᠡᠯᠳᠦᠯ ᠪᠠ ᠲᠡᠭᠦᠯᠳᠡᠷ ᠰᠠᠶᠢᠬᠠᠨ ᠤ ᠪᠠᠷᠢᠮᠲᠠᠯᠠᠯ ᠰᠢᠩᠭᠡᠵᠦ ᠪᠠᠶᠢᠪᠠ᠃ ᠪᠦᠵᠢᠭᠴᠢᠳ ᠤᠨ ᠭᠤᠶᠢᠳᠠ ᠰᠠᠶᠢᠬᠠᠨ ᠲᠣᠭᠯᠠᠬᠤ ᠮᠡᠷᠭᠡᠵᠢᠯ ᠪᠠ ᠭᠦᠨ ᠰᠡᠳᠬᠢᠯᠭᠡ ᠶᠢᠨ ᠲᠣᠭᠯᠠᠯᠲᠠ ᠪᠠᠷ ᠳᠠᠮᠵᠢᠭᠤᠯᠤᠨ᠂ ᠦᠵᠡᠭᠴᠢᠳ ᠲᠤ ᠤᠯᠠᠭᠠᠨᠮᠥ᠋ᠴᠢᠷ ᠤᠨ ᠥᠪᠡᠷᠮᠢᠴᠡ ᠷᠢᠳᠢ ᠰᠢᠳᠢ ᠪᠠ ᠭᠦᠨ ᠵᠤᠵᠠᠭᠠᠨ ᠰᠣᠶᠣᠯ ᠤᠨ ᠠᠭᠤᠯᠬᠤᠨ ᠢ ᠭᠦᠨᠵᠡᠭᠡᠶ ᠮᠡᠳᠡᠷᠡᠭᠦᠯᠬᠦ ᠪᠠᠷ ᠴᠢᠷᠮᠠᠶᠢᠨ᠎ᠠ᠃     ᠡᠨᠡ ᠵᠢᠯ ᠪᠢᠳᠡ ᠤᠮᠠᠷᠠᠲᠤ ᠬᠢᠯᠢ ᠶᠢᠨ ᠰᠣᠶᠣᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠵᠢᠯ ᠢ ᠢᠳᠡᠪᠬᠢᠲᠡᠶ ᠥᠷᠨᠢᠭᠦᠯᠦᠨ᠎ᠡ᠃ ᠡᠨᠡ ᠪᠣᠯ ᠤᠢᠢᠷ᠎ᠠ ᠶᠢᠨ ᠬᠤᠭᠤᠴᠠᠭᠠᠨ ᠳᠤ ᠪᠢᠳᠡᠨ ᠤ ᠭᠠᠷᠭᠠᠭᠰᠠᠨ ᠰᠢᠨ᠎ᠡ ᠪᠥᠵᠢᠭ ︽ᠠᠮᠤᠷ ᠠᠮᠤᠭᠤᠯᠠᠩ︾ ᠪᠣᠯᠤᠨ᠎ᠠ᠂ ᠡᠨᠡ ᠨᠢ ᠲᠠᠯ᠎ᠠ ᠨᠤᠲᠤᠭ ᠤᠨ ᠬᠥᠪᠡᠭᠦᠳ ᠥᠬᠢᠳ ᠤᠨ ᠣᠷᠭᠢᠯᠤᠮ᠎ᠠ ᠬᠠᠯᠠᠭᠤᠨ ᠰᠡᠳᠬᠢᠯᠭᠡ ᠶᠢ ᠢᠯᠡᠷᠡᠭᠦᠯᠵᠦ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠢᠯᠡᠷᠡᠭᠦᠯᠦᠭᠰᠡᠨ ᠪᠠᠶᠢᠨ᠎ᠠ᠃ ᠬᠤᠶᠢᠰᠢᠳᠠ ᠪᠢᠳᠡ ᠦᠷᠭᠦᠯᠵᠢᠯᠡᠨ ᠴᠢᠷᠮᠠᠶᠢᠵᠤ᠂ ᠨᠡᠩ ᠤᠯᠠᠨ ᠨᠡᠩ ᠰᠠᠶᠢᠨ ᠲᠣᠭᠯᠠᠯᠲᠠ ᠶᠢ ᠵᠣᠬᠢᠶᠠᠨ ᠪᠦᠲᠦᠭᠡᠵᠦ᠂ ᠤᠯᠠᠮᠵᠢᠯᠠᠨ ᠵᠠᠯᠭᠠᠮᠵᠢᠯᠠᠬᠤ ᠶᠠᠪᠤᠴᠠ ᠳᠤ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠵᠣᠬᠢᠶᠠᠨ ᠪᠦᠲᠦᠭᠡᠬᠦ ᠶᠠᠪᠤᠴᠠ ᠳᠤ ᠲᠠᠰᠤᠷᠠᠯᠳᠠ ᠦᠭᠡᠢ ᠰᠢᠪᠲᠤᠯᠤᠯᠲᠠ ᠭᠠᠷᠭᠠᠵᠤ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠦᠡᠭᠭᠡᠨ ᠮᠣᠷᠢᠲᠤ ᠴᠡᠷᠢᠭ ᠪᠣᠯᠤᠨ᠎ᠠ ᠭᠡᠵᠦ ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠪᠥᠵᠢᠭ ᠤᠨ ᠳᠤᠭᠤᠶᠢᠯᠠᠩ ᠤᠨ ᠳᠠᠷᠤᠭ᠎ᠠ ᠣᠬᠠᠭᠠᠨᠳᠣ ᠬᠡᠯᠡᠨ᠎ᠡ᠃     2024 ᠣᠨ ᠠᠴᠠ ᠣᠳᠣ ᠪᠣᠯᠲᠠᠯ᠎ᠠ᠂  ᠰᠢᠯᠢ ᠶᠢᠨ ᠬᠤᠲᠠ ᠶᠢᠨ ᠤᠯᠠᠭᠠᠨᠮᠥ᠋ᠴᠢᠷ ᠢᠮᠠᠭᠲᠠ ᠦᠨᠳᠦᠰᠦᠨ ᠱᠠᠲᠤᠨ ᠳᠤ ᠦᠨᠳᠦᠰᠦ ᠬᠠᠳᠬᠤᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠦᠢᠯᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠬᠤ ᠶᠢ ᠵᠣᠬᠢᠶᠠᠨ ᠪᠦᠲᠦᠭᠡᠬᠦ ᠤᠳᠤᠷᠢᠳᠤᠮᠵᠢ ᠪᠣᠯᠭᠠᠨ᠂ ᠤᠯᠠᠨ ᠲᠦᠮᠡᠨ ᠤ ᠳᠤᠮᠳᠠ ᠤᠢᠢᠷᠠᠳᠤᠭᠰᠠᠨ᠂ ᠥᠷᠭᠡᠨ ᠳᠡᠯᠭᠡᠷᠡᠩᠭᠦᠢ ᠣᠯᠠᠮᠵᠢᠯᠠᠭᠳᠠᠬᠤ᠂ ᠦᠯᠡᠳᠡᠵᠦ ᠲᠡᠶᠢᠯᠬᠦ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠬᠦ ᠪᠠᠷ ᠴᠢᠷᠮᠠᠶᠢᠵᠤ᠂ ᠤᠷᠢᠳ ᠬᠤᠵᠢᠳ ᠬᠤᠣᠰᠯᠠᠯ ᠳᠠᠭᠤᠤ ︽ᠥᠷ ᠤᠨ ᠲᠤᠶᠠᠭᠠᠨ ᠤ ᠮᠠᠭᠲᠠᠭᠠᠯ︾᠂ ︽ᠤᠯᠠᠭᠠᠨ ᠲᠤᠭ ᠲᠠᠯ᠎ᠠ ᠨᠤᠲᠤᠭ ᠲᠤ ᠨᠠᠮᠢᠷᠠᠨ᠎ᠠ︾᠂ ︽ᠰᠡᠳᠬᠢᠯ ᠤᠨ ᠲᠠᠯ᠎ᠠ ᠨᠤᠲᠤᠭ︾᠂ ᠳᠠᠭᠤᠤ ︽ᠮᠢᠨᠦ ᠮᠣᠩᠭᠤᠯ ᠮᠣᠷᠢ︾᠂ ᠬᠦᠮᠡᠢ ᠶᠢᠨ ᠬᠠᠮᠲᠤᠷᠠᠯ ︽ᠬᠦᠬᠡ ᠲᠩᠷᠢ ᠶᠢᠨ ᠳᠣᠣᠷᠠᠬᠢ ᠤᠮᠠᠷᠠᠲᠤ ᠬᠢᠯᠢ︾᠂  ᠨᠠᠶᠢᠷᠠᠯ ᠬᠥᠭᠵᠢᠮ ︽ ᠲᠣᠪᠳᠣᠯᠣᠯ︾᠂  ᠪᠦᠵᠢᠭ ︽ᠤᠯᠠᠮᠵᠢᠯᠠᠯ︾᠂ ︽ᠤᠮᠠᠷᠠᠲᠤ ᠶᠢᠨ ᠮᠠᠭᠲᠠᠭᠠᠯ ᠳᠠᠭᠤᠤ︾᠂ ︽ᠠᠵᠢᠨᠠᠶ ᠬᠦᠯᠦᠭ ᠤᠨ ᠪᠣᠴᠠᠯᠳᠠ︾ ᠵᠡᠷᠭᠡ 16 ᠪᠦᠲᠦᠭᠡᠯ ᠢ ᠵᠣᠬᠢᠶᠠᠨ ᠪᠦᠲᠦᠭᠡᠵᠡᠢ᠃ ᠪᠥᠬᠦ ᠬᠤᠲᠠ ᠶᠢᠨ ᠡᠯ᠎ᠡ ᠰᠤᠮᠤ ᠭᠠᠴᠠᠭ᠎ᠠ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠦᠢᠯᠡᠳᠪᠦᠷᠢ ᠠᠭᠤᠷᠬᠠᠶ ᠠᠵᠤ ᠠᠬᠤᠶᠢᠯᠠᠯ᠂ ᠴᠡᠷᠢᠭ ᠠᠩᠭᠢ ᠰᠤᠷᠭᠠᠭᠤᠯᠢ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠡᠶᠢᠲᠡ 146 ᠲᠠᠯᠠᠪᠤᠷ ︵ᠤᠳᠠᠭ᠎ᠠ︶ ᠥᠷᠨᠢᠭᠦᠯᠪᠡ᠃     ᠡᠭᠦᠨ ᠤ ᠬᠠᠮᠲᠤ᠂ ᠰᠢᠯᠢ ᠶᠢᠨ ᠬᠤᠲᠠ ᠶᠢᠨ ᠤᠯᠠᠭᠠᠨᠮᠥ᠋ᠴᠢᠷ ᠪᠠᠰᠠ ᠪᠡᠭᠡᠵᠢᠩ ᠬᠤᠲᠠ᠂ ᠲᠢᠶᠠᠨᠵᠢᠨ ᠬᠤᠲᠠ᠂ ᠠᠨᠾᠦ᠋ᠢ ᠮᠤᠵᠢ᠂ ᠾᠧᠨᠠᠨ ᠮᠤᠵᠢ᠂ ᠬᠤᠪᠸᠢ ᠮᠤᠵᠢ ᠵᠢᠴᠢ ᠡᠷᠬᠢᠨ ᠲᠣᠭᠤᠷᠢᠨ ᠤ ᠠᠶᠢᠮᠠᠭ ᠬᠤᠲᠠ᠂ ᠬᠤᠰᠢᠭᠤ ᠰᠢᠶᠠᠨ ᠵᠡᠷᠭᠡ ᠭᠠᠵᠠᠷ ᠲᠤ ᠬᠦᠷᠴᠦ ᠡᠯ᠎ᠡ ᠲᠥᠷᠥᠯ ᠤᠨ ᠰᠣᠯᠢᠯᠴᠠᠭ᠎ᠠ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭᠠᠨ ᠤ ᠠᠵᠢᠯ ᠢ ᠢᠳᠡᠪᠬᠢᠲᠡᠶ ᠥᠷᠨᠢᠭᠦᠯᠵᠦ᠂ ᠰᠢᠯᠢ ᠶᠢᠨ ᠬᠤᠲᠠ ᠶᠢᠨ ᠭᠠᠵᠠᠷ ᠣᠷᠣᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠬᠠᠭᠤᠯᠤᠨ ᠪᠠᠬᠢᠵᠢᠭᠦᠯᠬᠦ᠂ ︽ᠤᠮᠠᠷᠠᠲᠤ ᠬᠢᠯᠢ ᠶᠢᠨ ᠰᠣᠶᠣᠯ︾ ᠢ ᠪᠠᠳᠠᠷᠠᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃      ᠮᠠᠨ ᠤ ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠠᠵᠢᠯ ᠤᠨ ᠳᠦᠷᠢᠮ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠥ᠋ᠴᠢᠷ ᠤᠨ ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠵᠡᠷᠭᠡ ᠲᠠᠯ᠎ᠠ ᠪᠠᠷ ᠬᠢ ᠦᠢᠯᠡᠳᠦᠯ ᠢ ᠪᠠᠳᠠᠷᠠᠭᠤᠯᠵᠤ᠂ ᠡᠷᠬᠢᠨ ᠲᠣᠭᠤᠷᠢᠨ ᠤ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ᠂ ᠴᠡᠷᠢᠭ ᠤᠨ ᠬᠦᠷᠢᠶ᠎ᠡ ᠵᠡᠷᠭᠡ ᠳᠤ ᠭᠦᠨᠵᠡᠭᠡᠶᠢᠷᠡᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠠᠷ ᠲᠤᠰᠬᠠᠶ ᠰᠡᠳᠦᠪᠲᠦ ᠦᠨᠳᠦᠰᠦᠨ ᠱᠠᠲᠤᠨ ᠤ ᠤᠬᠠᠭᠤᠯᠭ᠎ᠠ  ᠲᠣᠭᠯᠠᠯᠲᠠ ᠶᠢᠨ  ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠲᠠᠭᠤᠣ ᠪᠥᠵᠢᠭ᠂ ᠰᠢ ᠵᠦᠴᠦᠭᠡ ᠵᠡᠷᠭᠡ ᠬᠡᠯᠪᠡᠷᠢ ᠪᠠᠷ ᠨᠠᠮ ᠤᠨ ᠬᠠᠯᠠᠮᠵᠢᠯᠠᠯ ᠪᠠ ᠲᠥᠷᠥ ᠶᠢᠨ ᠪᠣᠳᠣᠯᠭ᠎ᠠ ᠶᠢ ᠤᠯᠠᠮᠵᠢᠯᠠᠨ᠎ᠠ ᠭᠡᠵᠦ ᠰᠢᠯᠢ ᠶᠢᠨ ᠬᠤᠲᠠ ᠶᠢᠨ ᠤᠯᠠᠭᠠᠨᠮᠥ᠋ᠴᠢᠷ ᠤᠨ ᠳᠡᠳ᠋ ᠠᠩᠬᠢ ᠶᠢᠨ ᠳᠠᠷᠤᠭ᠎ᠠ ᠠᠯᠢᠮ᠎ᠠ ᠬᠡᠯᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号