ᠵᠢᠷᠭᠤᠭᠠᠨ ᠠᠵᠢᠯᠯᠠᠭ᠎ᠠ ·  ᠡᠷᠡᠯᠬᠡᠭᠯᠡᠨ ᠣᠷᠣᠭᠰᠢᠯᠠᠭᠰᠠᠨ ᠰᠢᠯᠢ ᠶᠢᠨ ᠬᠤᠲᠠ᠄ ᠠᠷᠠᠳ ᠲᠦᠮᠡᠨ ᠳᠤ ᠦᠢᠯᠡᠴᠢᠯᠡᠬᠦ ᠪᠠᠷ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ︽ᠲᠦᠷᠭᠡᠨ ᠭᠦᠶᠦᠯᠲᠡ︾  ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/3/19
      ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠵᠢᠵᠢᠭᠬᠡᠨ ᠦᠨᠡᠮᠯᠡᠯ ᠨᠢ ᠠᠷᠠᠳ ᠢᠷᠭᠡᠳ ᠤᠨ ᠠᠮᠤᠷ ᠲᠠᠶᠢᠪᠤᠩ ᠣᠷᠣᠨ ᠰᠠᠭᠤᠴᠠ ᠶᠢᠨ ᠬᠦᠰᠡᠯ ᠢ ᠠᠴᠢᠶᠠᠯᠠᠵᠤ ᠪᠠᠶᠢᠭ᠎ᠠ ᠶᠤᠮ᠃ ᠣᠶᠢᠷ᠎ᠠ ᠶᠢᠨ ᠵᠢᠯ ᠤᠳ ᠲᠤ᠂  ᠰᠢᠯᠢ  ᠶᠢᠨ ᠬᠤᠲᠠ ᠶᠢᠨ ᠬᠢᠨ ᠭᠡᠷ ᠬᠥᠷᠥᠩᠭᠡ ᠶᠢᠨ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠢ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠵᠤ᠂ ᠬᠦᠴᠢᠷᠳᠡᠯ ᠢ ᠣᠨᠢᠯᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠡᠷᠢᠭᠦᠨ ᠳᠤ ᠦᠢᠯᠡᠴᠢᠯᠡᠬᠦ᠂ ᠠᠷᠠᠳ ᠲᠦᠮᠡᠨ ᠳᠤ ᠬᠠᠨᠤᠮᠵᠢᠲᠠᠢ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠪᠠᠶᠢᠭᠤᠯᠤᠮᠵᠢ ᠶᠢ ᠪᠦᠬᠦ ᠬᠦᠴᠦᠨ  ᠢᠶᠠᠷ  ᠢᠶᠠᠨ  ᠪᠠᠶᠢᠭᠤᠯᠵᠤ᠂ ᠠᠵᠢᠯ ᠶᠠᠪᠤᠳᠠᠯ ᠡᠷᠬᠢᠯᠡᠬᠦ ᠠᠵᠤ ᠠᠬᠤᠶᠢᠯᠠᠯ ᠪᠣᠯᠤᠨ ᠤᠯᠠᠨ ᠲᠦᠮᠡᠨ  ᠤ  ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢᠲᠠᠢ ᠲᠦᠷᠦᠭᠳᠡᠯ ᠢ ᠪᠠᠲᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃      2024 ᠣᠨ ᠤ 5 ᠰᠠᠷ᠎ᠠ ᠳᠤ᠂ ᠰᠢᠯᠢ ᠶᠢᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡᠨ ᠤ ᠲᠥᠪ ᠨᠢ ᠡᠾᠧᠪᠧᠢ ᠮᠤᠵᠢ ᠶᠢᠨ ᠲᠠᠩᠱᠠᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠶᠠᠪᠣᠭᠤᠯᠣᠭᠰᠠᠨ ᠡᠾᠧᠪᠧᠢ ᠮᠤᠵᠢ ᠶᠢᠨ ᠯᠣᠸᠠᠨ ᠵᠧᠤ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷ ᠪᠠᠶᠢᠰᠢᠩ ᠤᠨ ᠪᠠᠷᠢᠴᠠᠭᠠᠨ ᠤ ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠬᠤ ︽ᠮᠤᠵᠢ ᠠᠯᠤᠰᠯᠠᠨ ᠭᠦᠢᠴᠡᠳᠬᠡᠬᠦ︾ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠤᠨ ᠭᠤᠶᠤᠴᠢᠯᠠᠯ ᠢ ᠭᠥᠯᠢᠶᠡᠨ ᠠᠪᠴᠠᠶ᠃ ᠥᠩᠭᠡᠷᠡᠭᠰᠡᠨ ᠳᠤ ᠪᠠᠷᠢᠴᠠᠭᠠᠨ ᠤ ᠳᠡᠩᠰᠡᠯᠡᠯᠲᠡ ᠬᠢᠯᠭᠡᠬᠦ ᠳᠤ ᠲᠣᠰ ᠬᠥᠮᠦᠨ ᠨᠢ ᠬᠡᠷ ᠬᠥᠷᠥᠩᠭᠡ ᠶᠢᠨ ᠪᠠᠶᠢᠭ᠎ᠠ ᠭᠠᠵᠠᠷ ᠤᠨ ᠳᠡᠩᠰᠡᠯᠡᠯᠲᠡ ᠶᠢᠨ ᠪᠠᠶᠢᠭᠤᠯᠤᠮᠵᠢ ᠳᠤ ᠣᠴᠢᠵᠤ ᠭᠤᠶᠤᠴᠢᠯᠠᠨ ᠭᠦᠢᠴᠡᠳᠬᠡᠬᠦ ᠴᠢᠬᠤᠯᠠᠲᠠᠶ ᠪᠠᠶᠢᠭᠰᠠᠨ ᠪᠣᠯᠪᠠᠴᠤ ᠲᠣᠰ ᠺᠣᠮᠫᠠᠨᠢ ᠶᠢᠨ ᠠᠵᠢᠯ ᠨᠢ ᠶᠠᠭᠠᠷᠠᠤ ᠠᠴᠠ ᠪᠣᠯᠵᠣ ᠰᠢᠯᠢ ᠶᠢᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡᠨ ᠤ ᠲᠥᠪ ᠲᠤ ᠬᠦᠷᠴᠦ ᠭᠦᠢᠴᠡᠳᠬᠡᠬᠦ ᠶᠢᠨ ᠠᠷᠭ᠎ᠠ ᠥᠬᠡᠶ ᠪᠠᠶᠢᠪᠠ᠃        ᠰᠢᠯᠢ ᠶᠢᠨ ᠬᠤᠲᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠦᠢᠯᠡᠴᠢᠯᠡᠭᠡᠨ ᠤ ᠲᠥᠪ ᠡᠨᠡ ᠬᠦ ︽ᠮᠤᠵᠢ ᠠᠯᠤᠰᠯᠠᠨ ᠭᠦᠢᠴᠡᠳᠬᠡᠬᠦ  ︾ ᠲᠤᠬᠠᠶᠢᠯᠠᠭᠰᠠᠨ ᠠᠵᠢᠯ ᠤᠨ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ᠂ ᠲᠡᠷᠡ ᠳᠠᠷᠤᠢ ᠳᠤᠨᠢ ᠲᠤᠰ ᠺᠣᠮᠫᠠᠨᠢ ᠶᠢ ᠬᠠᠪᠰᠤᠷᠤᠨ ᠪᠠᠷᠢᠴᠠᠭᠠᠨ ᠤ ᠲᠠᠩᠰᠠᠯᠠᠯᠳᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠪᠥᠭᠡᠳ ᠭᠤᠶᠤᠴᠢᠯᠠᠭᠴᠢ ᠳᠤ ᠡᠯᠧᠺᠲᠷᠣᠨ ︽ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠭᠡᠷᠡᠴᠢ︾ ᠶᠢ ᠪᠤᠢ ᠪᠣᠯᠭᠠᠵᠤ ᠥᠭᠭᠦᠭᠰᠡᠨ ᠪᠥᠭᠡᠳ ᠴᠠᠭᠠᠰᠤᠨ ︽ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠭᠡᠷᠡᠴᠢ︾ ᠶᠢ ᠭᠤᠶᠤᠴᠢᠯᠠᠭᠴᠢ ᠶᠢᠨ ᠬᠠᠩᠭᠠᠭᠰᠠᠨ ᠰᠢᠦᠳᠠᠨ ᠤ ᠬᠠᠶ᠋ᠢᠭ ᠲᠤ ᠰᠢᠦᠳᠠᠨ ᠢᠶᠠᠷ ᠢᠯᠡᠭᠡᠵᠦ᠂ ᠭᠤᠶᠤᠴᠢᠯᠠᠭᠴᠢ ᠶᠢ ᠠᠮᠵᠢᠯᠲᠠ ᠲᠠᠢ ᠪᠠᠷ ᠬᠠᠪᠰᠤᠷᠴᠤ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠭᠦᠢᠴᠡᠳᠬᠡᠯ ᠢ ᠠᠮᠵᠢᠯᠲᠠ ᠲᠠᠢ ᠪᠠᠷ ᠪᠡᠶᠡᠯᠡᠭᠦᠯᠪᠡ᠃      ᠡᠨᠡ ᠤᠳᠠᠭ᠎ᠠ ᠶᠢᠨ ︽ᠮᠤᠵᠢ ᠠᠯᠤᠰᠯᠠᠨ ᠭᠦᠢᠴᠡᠳᠬᠡᠬᠦ︾ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠦᠢᠴᠡᠳᠬᠡᠭᠰᠡᠨ ᠨᠢ ᠭᠤᠶᠤᠴᠢᠯᠠᠭᠴᠢ ᠳᠤ ᠶᠡᠭᠡ ᠬᠡᠮᠵᠢᠶᠡᠨ ᠤ ᠴᠠᠭ ᠪᠠ ᠣᠶᠤᠨ ᠴᠢᠳᠠᠯ ᠢ ᠠᠷᠪᠢᠯᠠᠵᠤ ᠥᠭᠭᠦᠭᠰᠡᠨ ᠢᠶᠠᠷ ᠪᠠᠷᠠᠬᠤ ᠦᠭᠡᠶ᠂ ᠪᠠᠰᠠ ᠰᠢᠯᠢ ᠶᠢᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡᠨ ᠤ ᠲᠥᠪ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ︽ᠣᠨᠳᠣᠣ ᠭᠠᠵᠠᠷ ᠲᠤ ᠭᠤᠶᠤᠴᠢᠯᠠᠯ ᠭᠠᠷᠭᠠᠵᠤ᠂  ᠬᠠᠷᠢᠶ᠎ᠠ ᠭᠠᠵᠠᠷ  ᠲᠤᠨᠢ  ᠬᠢᠨᠠᠨ ᠬᠠᠷᠭᠤᠭᠤᠯᠬᠤ︾ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠵᠠᠭᠪᠤᠷ ᠢ ᠪᠡᠶᠡᠯᠡᠭᠦᠯᠵᠦ᠂ ︽ᠬᠠᠷᠢᠶᠠᠯᠠᠭᠳᠠᠬᠤ ᠭᠠᠵᠠᠷ ᠲᠤᠨᠢ  ᠭᠦᠢᠴᠡᠳᠬᠡᠬᠦ︾ ᠤᠯᠠᠮᠵᠢᠯᠠᠯᠲᠤ ᠵᠠᠭᠪᠤᠷ ᠢ ᠡᠪᠳᠡᠵᠦ᠂ ᠠᠵᠤ ᠠᠬᠤᠶᠢᠯᠠᠯ ᠪᠠ ᠣᠯᠠᠨ ᠲᠦᠮᠡᠨ ᠢ ᠠᠳᠠᠯᠢ ᠪᠤᠰᠤ ᠭᠠᠵᠠᠷ ᠣᠷᠣᠨ ᠤ ᠬᠤᠭᠤᠷᠣᠨᠳᠣᠬᠢ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠲᠢᠩᠬᠢᠮ ᠳᠤ ᠭᠤᠶᠤᠴᠢᠯᠠᠨ ᠳᠠᠩᠰᠠᠯᠠᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ︽ᠣᠶᠢᠷ᠎ᠠ ᠬᠠᠪᠢ ᠳᠠᠭᠠᠨ ᠭᠦᠢᠴᠡᠳᠬᠡᠵᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠥᠮᠴᠢᠯᠡᠯ ᠤᠨ ᠡᠷᠬᠡᠲᠦ ᠬᠥᠮᠦᠨ ᠤ ᠰᠠᠭᠤᠭ᠎ᠠ ᠭᠠᠵᠠᠷ ᠪᠠ ᠥᠯᠥ ᠬᠥᠳᠡᠯᠬᠦ ᠬᠥᠷᠥᠩᠭᠡ ᠶᠢᠨ ᠪᠠᠶᠢᠭ᠎ᠠ ᠭᠠᠵᠠᠷ ᠲᠤ ︽ᠣᠯᠠᠨ ᠤᠳᠠᠭ᠎ᠠ ᠭᠦᠶᠦᠬᠦ︾ ︽ᠨᠠᠰᠢ ᠴᠠᠰᠢ ᠭᠦᠶᠦᠬᠦ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠪᠠᠶᠢᠨ᠎ᠠ᠃      ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠤᠨ ᠨᠢᠭᠡ ᠲᠠᠯ᠎ᠠ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ᠂ ᠨᠥᠭᠦᠭᠡ ᠲᠠᠯ᠎ᠠ ᠪᠠᠷ ᠠᠵᠤ ᠦᠢᠯᠡᠰ ᠤᠨ ᠲᠥᠷᠥᠯ ᠵᠦᠢᠯ ᠲᠠᠢ ᠬᠤᠯᠪᠣᠭᠳᠠᠵᠤ ᠪᠠᠶᠢᠳᠠᠭ᠃ ᠭᠠᠭᠴᠠᠬᠦ ︽ᠲᠤᠭ᠎ᠠ ᠪᠠᠷᠢᠮᠲᠠ ᠶᠢ ᠰᠦᠯᠵᠢᠶᠡᠨ ᠳᠡᠭᠡᠷ᠎ᠡ ᠭᠦᠶᠦᠯᠭᠡᠬᠦ︾ ᠪᠠᠷ ︽ᠣᠯᠠᠨ ᠲᠦᠮᠡᠨ ᠢ ᠰᠦᠯᠵᠢᠶᠡᠨ ᠲᠣᠣᠷ᠎ᠠ ᠭᠦᠶᠦᠯᠭᠡᠬᠦ︾ ᠶᠢ ᠣᠷᠣᠯᠠᠭᠤᠯᠬᠤ ᠶᠢ ᠦᠨᠡᠨᠬᠦ ᠪᠡᠶᠡᠯᠡᠭᠦᠯᠪᠡᠯ ᠰᠠᠶ᠋ᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠳᠥᠭᠦᠮ ᠦᠵᠡᠭᠦᠯᠬᠦ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠴᠢᠳᠠᠨ᠎ᠠ᠃      ᠣᠶᠢᠷ᠎ᠠ ᠶᠢᠨ ᠵᠢᠯ ᠤᠳ ᠲᠤ᠂ ᠰᠢᠯᠢ ᠶᠢᠨ ᠬᠤᠲᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠳᠤ ᠬᠤᠯᠪᠣᠭᠳᠠᠬᠤ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠭᠠᠶᠢᠯᠢ ᠶᠢᠨ ᠶᠠᠪᠤᠳᠠᠯ᠂ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ 8 ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢᠨ ᠰᠢᠰᠲ᠋ᠧᠮ ᠤᠨ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠡᠷᠡᠭᠰᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠯᠵᠢᠭᠦᠯᠦᠨ ᠠᠪᠴᠤ᠂ ᠰᠢᠯᠭᠠᠨ ᠨᠤᠲᠠᠯᠠᠵᠤ᠂ ᠬᠡᠰᠡᠭ ᠲᠤᠬᠠᠶᠢᠯᠠᠭᠰᠠᠨ ᠠᠵᠢᠯ ᠤᠨ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠬᠤ ᠥᠬᠡᠶ ᠪᠠᠶᠢᠬᠤ ᠶᠢ ᠪᠡᠶᠡᠯᠡᠭᠦᠯᠪᠡ᠃ ︽ ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢᠨ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠭᠤᠶᠤᠴᠢᠯᠠᠭᠴᠢ ᠶᠢ ᠵᠠᠰᠠᠭ ᠤᠨ ᠶᠠᠪᠤᠳᠠᠯ ᠤᠨ ᠰᠦᠯᠵᠢᠶ᠎ᠡ᠂ ᠮᠧᠩ ᠰᠣ᠋ ᠪᠠᠨAPP ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂  ᠢᠨᠲ᠋ᠧᠷ ᠰᠦᠯᠵᠢᠶ᠎ᠡ + ᠲᠠᠪᠴᠠᠩ ᠤᠨ ᠭᠤᠶᠤᠴᠢᠯᠠᠬᠤ ᠮᠠᠲ᠋ᠧᠷᠢᠶᠠᠯ ᠲᠤᠰᠢᠶᠠᠬᠤ᠂ ᠭᠦᠢᠴᠡᠳᠬᠡᠬᠦ ᠠᠬᠢᠴᠠ ᠶᠢ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ᠂ ᠰᠦᠯᠵᠢᠶᠡᠨ ᠳᠡᠭᠡᠷ᠎ᠡ ᠭᠠᠶᠢᠯᠢ ᠲᠤᠰᠢᠶᠠᠬᠤ᠂ ᠡᠯᠧᠺᠲᠷᠣᠨ ᠦᠨᠡᠮᠯᠡᠯ ᠠᠪᠬᠤ ᠵᠡᠷᠭᠡ ᠦᠢᠯᠡᠴᠢᠯᠡᠭᠡ ᠶᠢ ᠬᠠᠩᠭᠠᠬᠤ ᠳᠠᠭᠠᠨ ᠲᠤᠬᠠᠶ ᠶᠢᠨ ᠲᠠᠯᠠᠪᠤᠷ ᠲᠤ ᠣᠴᠢᠵᠤ  ᠭᠦᠢᠴᠡᠳᠬᠡᠬᠦ ᠴᠢᠬᠤᠯᠠ ᠥᠬᠡᠶ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡᠨ ᠤ ᠲᠥᠪ ᠨᠢ ᠰᠦᠯᠵᠢᠶᠡᠨ ᠭᠠᠳᠠᠨ᠎ᠠ ᠠᠭᠤᠯᠵᠠᠬᠤ ᠥᠬᠡᠶ ᠪᠠᠷ ᠭᠤᠶᠤᠴᠢᠯᠠᠬᠤ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠭᠤᠶᠤᠴᠢᠯᠠᠭᠴᠢ ᠶᠢᠨ ᠲᠤᠬᠠᠶ ᠶᠢᠨ ᠲᠠᠯᠠᠪᠤᠷ ᠲᠤ ᠬᠦᠯᠢᠶᠡᠬᠦ ᠴᠠᠭ ᠢ ᠪᠠᠭᠠᠰᠬᠠᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ ᠪᠠ ᠭᠦᠢᠴᠡᠳᠬᠡᠬᠦ ᠴᠠᠭ ᠢ ᠪᠣᠭᠤᠨᠢᠰᠬᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠨᠡᠮᠯᠡᠯ ᠠᠪᠬᠤ ᠭᠤᠭᠴᠤᠭ᠎ᠠ ᠶᠢ ᠤᠤᠯ ᠤᠨ 4 ᠪᠠᠶᠢᠭᠰᠠᠨ ᠠᠴᠠ 3 ᠪᠣᠯᠭᠠᠨ ᠪᠠᠭᠠᠰᠬᠠᠵᠤ᠂ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶᠠᠨ ᠤ ᠬᠡᠷᠡᠭᠰᠡᠬᠦ ᠮᠠᠲ᠋ᠧᠷᠢᠶᠠᠯ ᠢ ᠤᠤᠯ ᠤᠨ 5 ᠪᠠᠶᠢᠭᠰᠠᠨ ᠠᠴᠠ 3 ᠪᠣᠯᠭᠠᠨ ᠪᠠᠭᠠᠰᠬᠠᠵᠤ᠂ ᠲᠠᠸᠠᠷ ᠤᠨ ᠣᠷᠣᠨ ᠰᠠᠭᠤᠴᠠ ᠶᠢᠨ ᠠᠷᠠᠯᠵᠢᠶᠠᠨ ᠤ ᠬᠡᠷᠡᠭᠰᠡᠬᠦ ᠮᠠᠲ᠋ᠧᠷᠢᠶᠠᠯ ᠢ 6 ᠪᠠᠶᠢᠭᠰᠠᠨ ᠠᠴᠠ 4 ᠪᠣᠯᠭᠠᠨ ᠪᠠᠭᠠᠰᠬᠠᠵᠤ᠂ ᠦᠯᠦ ᠬᠥᠳᠡᠯᠬᠦ ᠬᠦᠷᠦᠩᠭᠡ ᠶᠢ ᠰᠢᠯᠵᠢᠭᠦᠯᠬᠦ ᠵᠡᠷᠭᠡ ᠡᠩ ᠤᠨ ᠳᠠᠩᠰᠠᠯᠠᠯ ᠢ ᠭᠦᠢᠴᠡᠳᠬᠡᠬᠦ ᠴᠠᠭ ᠢ ᠬᠠᠤᠯᠢ ᠪᠠᠷ ᠲᠣᠭᠲᠠᠭᠠᠭᠰᠠᠨ 30 ᠠᠵᠢᠯᠯᠠᠬᠤ ᠡᠳᠦᠷ ᠠᠴᠠ ᠶᠡᠭᠡ ᠬᠡᠮᠵᠢᠶ᠎ᠡ ᠪᠠᠷ ᠪᠠᠭᠠᠰᠬᠠᠭᠠᠳ ᠲᠤᠰ ᠡᠳᠦᠷ ᠲᠤ ᠬᠢᠵᠦ ᠳᠠᠭᠤᠰᠬᠠᠬᠤ ᠪᠣᠯᠭᠠᠵᠤ᠂ ᠪᠠᠷᠢᠴᠠᠭᠠᠨ ᠤ ᠳᠠᠩᠰᠠᠯᠠᠯ ᠢ ᠭᠦᠢᠴᠡᠳᠬᠡᠬᠦ ᠴᠠᠭ ᠢ 2 ᠴᠠᠭ ᠪᠣᠯᠭᠠᠨ ᠪᠣᠭᠤᠨᠢᠰᠬᠠᠪᠠ᠃ ᠲᠠᠩᠰᠠᠯᠠᠯᠳᠠ ᠶᠢ ᠬᠦᠴᠦᠨ ᠦᠭᠡᠢ ᠪᠣᠯᠭᠠᠬᠤ᠂ ᠪᠠᠶᠢᠴᠠᠭᠠᠨ ᠪᠢᠲᠡᠭᠦᠮᠵᠢᠯᠡᠬᠦ ᠲᠠᠩᠰᠠᠯᠠᠯᠳᠠ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ ᠲᠤᠬᠠᠶᠢᠯᠠᠭᠰᠠᠨ ᠠᠵᠢᠯ ᠤᠨ ᠵᠦᠢᠯᠡᠰ ᠲᠤ ︽ᠲᠡᠷᠡ ᠳᠠᠷᠤᠢ ᠳᠤᠨᠢ ᠭᠦᠢᠴᠡᠳᠬᠡᠵᠦ ᠳᠠᠭᠤᠰᠬᠠᠬᠤ᠂ ᠲᠡᠷᠡ ᠳᠠᠷᠤᠢ ᠳᠤᠨᠢ ᠠᠪᠴᠤ ᠪᠣᠯᠬᠤ︾ ᠥᠨᠳᠥᠷ ᠪᠦᠲᠦᠮᠵᠢᠲᠡᠢ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠵᠦ᠂ ᠤᠯᠠᠨ ᠲᠦᠮᠡᠨ ᠳᠤ ᠦᠨᠡᠨ ᠪᠣᠳᠠᠲᠠᠢ ᠲᠦᠬᠦᠮ ᠦᠵᠡᠭᠦᠯᠪᠡ᠃ 2024 ᠣᠨ ᠳᠤ᠂ ᠪᠥᠬᠦ ᠠᠶᠢᠮᠠᠭ  ᠲᠤ ᠨᠡᠶᠢᠲᠡ ᠶᠢᠨ 29 ᠬᠤᠪᠢ᠂ ︽ᠮᠤᠵᠢ ᠠᠯᠤᠰᠯᠠᠨ︾ 1 ᠬᠤᠪᠢ ᠶᠢ ᠭᠦᠢᠴᠡᠳᠬᠡᠪᠡ᠃       ᠣᠶᠢᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠪᠥᠬᠦ ᠤᠯᠤᠰ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠴᠣᠩᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠪᠠᠷ ᠢᠯᠡᠳᠲᠡ ᠨᠢᠭᠡᠴᠡ ᠪᠠ ᠬᠤᠪᠢ ᠬᠥᠮᠦᠨ ᠢ ᠵᠠᠷᠯᠠᠨ ᠰᠠᠶᠢᠰᠢᠶᠠᠭᠰᠠᠨ ᠪᠠᠶᠢᠨ᠎ᠠ᠂  ᠰᠢᠯᠢ ᠶᠢᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠡᠭᠦᠨ ᠳᠤ ᠵᠢᠭᠰᠠᠭᠠᠭᠳᠠᠵᠤ᠂ ᠪᠥᠬᠦ ᠤᠯᠤᠰ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠴᠣᠩᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠪᠠᠷ ᠢᠯᠡᠳᠲᠡ ᠨᠢᠭᠡᠴᠡ ᠪᠠᠷ ᠦᠨᠡᠯᠡᠭᠳᠡᠪᠡ᠃ ᠳᠠᠷᠠᠭ᠎ᠠ ᠶᠢᠨ ᠠᠯᠬᠤᠮ ᠳᠤ᠂  ᠰᠢᠯᠢ ᠶᠢᠨ ᠬᠤᠲᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠦᠢᠯᠡᠴᠢᠯᠡᠭᠡᠨ ᠤ ᠲᠥᠪ ᠨᠢ ᠤᠯᠤᠰ ᠤᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ︽ᠵᠢᠷᠭᠤᠭᠠᠨ ᠠᠵᠢᠯᠯᠠᠭ᠎ᠠ︾ ᠶᠢᠨ ᠲᠤᠯᠭᠠᠭᠤᠷᠢᠯᠠᠬᠤ ᠴᠢᠨᠠᠷ᠂ ᠲᠠᠭᠠᠭᠤᠯᠬᠤ ᠴᠢᠨᠠᠷ᠂ ᠬᠦᠰᠢᠭᠦᠷᠭᠡ ᠶᠢᠨ ᠴᠢᠨᠠᠷ ᠤᠨ ᠦᠢᠯᠡᠳᠦᠯ ᠢ ᠭᠦᠢᠴᠡᠳ ᠲᠠᠨᠢᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠭᠦᠨᠵᠡᠭᠡᠶ ᠤᠶᠢᠯᠠᠭᠠᠨ᠂ ᠨᠠᠩ ᠣᠨᠣᠪᠴᠢᠲᠠᠶ᠂ ᠪᠦᠲᠦᠮᠵᠢᠲᠡᠶ  ᠦᠢᠯᠡᠴᠢᠯᠡᠭᠡ ᠬᠠᠩᠭᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠢᠨ᠎ᠡ ᠬᠢᠯᠠᠰ ᠴᠡᠭ᠂ ᠰᠢᠨ᠎ᠡ ᠲᠡᠮᠳᠡᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ︽ᠲᠦᠷᠭᠡᠨ ᠭᠦᠶᠦᠬᠦ︾ ᠳᠤ ᠬᠦᠴᠦᠨ ᠨᠡᠮᠡᠷᠢᠯᠡᠵᠦ᠂ ᠠᠷᠠᠳ ᠣᠯᠠᠨ ᠤ ᠥᠯᠥ ᠬᠥᠳᠡᠯᠬᠦ ᠬᠥᠷᠥᠩᠭᠡ ᠶᠢᠨ ᠡᠷᠬᠡ ᠠᠰᠢᠭ ᠢ ᠪᠥᠬᠦ ᠲᠠᠯ᠎ᠠ ᠪᠠᠷ ᠬᠠᠮᠠᠭᠠᠯᠠᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号