2 ᠳ᠋ᠤᠭᠠᠷ ᠰᠠᠷ᠎ᠠ ᠶᠢᠨ 23 ᠤ ᠡᠳᠦᠷ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠬᠤ ︽ᠬᠥᠳᠡᠭᠡ | ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠡᠶᠢᠲᠡᠯᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ | ᠰᠣᠨᠢᠨ ᠮᠡᠳᠡᠭᠡᠨ ᠤ ᠠᠯᠪᠠᠨ ᠭᠡᠷ 2 ᠳ᠋ᠤᠭᠠᠷ ᠰᠠᠷ᠎ᠠ ᠶᠢᠨ 24 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠲᠥᠪ ᠤᠨ ᠡᠳ᠋ ᠤᠨ ᠵᠠᠰᠠᠭ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ | ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ᠂ ᠲᠥᠪ ᠤᠨ ᠬᠥᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ᠡᠷᠬᠢᠯᠡᠭᠴᠢ ᠬᠠᠨ ᠸᠧᠨ ᠰᠢᠸ᠂ ᠲᠥᠪ ᠤᠨ ᠡᠳ᠋ ᠤᠨ ᠵᠠᠰᠠᠭ ᠤᠨ ᠵᠥᠪᠯᠡᠯ ᠤᠨ ᠠᠯᠪᠠᠨ ᠭᠡᠷ ᠤᠨ ᠳᠡᠳ᠋ | ᠡᠷᠬᠢᠯᠡᠭᠴᠢ᠂ ᠲᠥᠪ ᠤᠨ ᠬᠥᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ | ᠡᠷᠬᠢᠯᠡᠭᠴᠢ ᠵᠦ ᠸᠧᠢ ᠳ᠋ᠦᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠨ᠂ ᠬᠥᠳᠡᠭᠡ ᠲᠣᠰᠬᠤᠨ ᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠠᠩᠬᠠᠷᠤᠭᠤᠰᠢᠲᠠᠢ ᠴᠢᠬᠤᠯᠠ ᠵᠦᠢᠯ ᠤᠳ — | ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ | ᠣᠭᠵᠣᠮ ᠵᠣᠭᠰᠤᠭᠠᠬᠤ ᠦᠭᠡᠢ | ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ 5 ᠵᠢᠯ ᠤᠨ | ᠰᠢᠯᠵᠢᠯᠲᠡ ᠶᠢᠨ ᠬᠤᠭᠤᠴᠠᠭᠠᠨ ᠤ ᠬᠠᠮᠤᠭ ᠰᠡᠭᠦᠯᠴᠢ ᠶᠢᠨ ᠨᠢᠭᠡ ᠵᠢᠯ ᠪᠣᠯᠣᠨ᠎ᠠ᠃ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠰᠤᠳᠤᠯᠤᠨ ᠲᠣᠭᠲᠠᠭᠠᠬᠤ ᠠᠵᠢᠯ ᠢ ᠪᠠᠶᠢᠷᠢᠯᠠᠭᠤᠯᠪᠠ᠃ ᠬᠡᠪᠴᠢᠶᠡᠵᠢᠯ ᠤᠨ ᠴᠢᠨᠠᠷᠲᠠᠢ ᠪᠠᠷ ᠲᠠᠬᠢᠨ | ᠶᠠᠳᠠᠭᠤᠷᠠᠬᠤ ᠪᠠ ᠶᠠᠳᠠᠭᠤᠷᠠᠬᠤ ᠦᠭᠡᠢ ᠪᠠᠶᠢᠯᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠨᠢ ᠵᠥᠪᠬᠡᠨ ᠡᠨᠡ ᠵᠢᠯ ᠤᠨ | ᠣᠨ ᠤ ᠴᠢᠨᠠᠷᠲᠠᠢ ᠡᠭᠦᠷᠭᠡ ᠲᠡᠳᠦᠢ ᠪᠢᠰᠢ᠂ ᠰᠢᠯᠵᠢᠯᠲᠡ ᠶᠢᠨ ᠬᠤᠭᠤᠴᠠᠭ᠎ᠠ ᠥᠩᠭᠡᠷᠡᠭᠰᠡᠨ ᠤ ᠳᠠᠷᠠᠭ᠎ᠠ ᠴᠤ ᠡᠷᠬᠡᠪᠰᠢ ᠤᠷᠳᠤ | ᠬᠤᠭᠤᠴᠠᠭ᠎ᠠ ᠪᠠᠷ᠂ ᠥᠨᠢ ᠡᠭᠦᠷᠢᠳᠡ ᠪᠠᠲᠤ ᠰᠠᠬᠢᠬᠤ ᠬᠡᠷᠡᠭᠲᠡᠢ᠃ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠣᠭᠵᠣᠮ ᠵᠣᠭᠰᠤᠭᠠᠬᠤ ᠦᠭᠡᠢ ᠮᠥᠷᠲᠡᠭᠡᠨ ᠲᠥᠷᠥᠯ ᠬᠤᠪᠢᠶᠠᠨ | ᠲᠡᠭᠦᠯᠳᠡᠷᠵᠢᠭᠦᠯᠵᠦ᠂ ᠪᠠᠶᠢᠩᠭᠤᠰᠢᠭᠰᠠᠨ ᠬᠠᠪᠰᠤᠷᠤᠨ ᠲᠡᠳᠬᠦᠬᠦ ᠳᠦᠷᠢᠮ ᠲᠣᠭᠲᠠᠴᠠ ᠶᠢ ᠪᠠᠶᠢᠭᠤᠯᠵᠤ ᠪᠦᠷᠢᠨᠰᠢᠭᠦᠯᠦᠨ᠎ᠡ᠃ | ᠪᠡᠯᠡ ᠮᠥᠩᠭᠦᠨ ᠤ ᠣᠷᠣᠭᠤᠯᠤᠯᠲᠠ ᠪᠠᠨ ᠶᠡᠭᠡ ᠪᠠᠷ ᠨᠡᠮᠡᠭᠳᠡᠭᠦᠯᠵᠦ ᠪᠠᠶᠢᠭᠠᠳ ᠠᠮᠤ ᠪᠤᠳᠠᠭᠠᠨ ᠤ ᠭᠤᠣᠯ | ᠤᠨᠠᠯᠲᠠ ᠶᠢᠨ ᠣᠷᠣᠨ ᠪᠠ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠢ ᠳᠡᠮᠵᠢᠬᠦ ᠠᠵᠢᠯ ᠢᠶᠠᠨ ᠴᠢᠩᠭᠠᠷᠠᠭᠤᠯᠤᠨ᠎ᠠ | ᠦᠨ᠎ᠡ ᠬᠠᠩᠰᠢ ᠶᠢᠨ ᠲᠠᠯ᠎ᠠ ᠪᠠᠷ᠂ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠬᠠᠮᠤᠭ ᠳᠣᠣᠷ᠎ᠠ ᠦᠨ᠎ᠡ ᠶᠢᠨ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠾᠧᠨᠠᠨ᠂ ᠵᠢᠶᠠᠩᠰᠤ᠂ ᠬᠠᠷᠠᠮᠥ᠋ᠷᠡᠨ᠂ ᠠᠨᠾᠦ᠋ᠢ ᠲᠦᠷᠪᠡᠨ ᠮᠤᠵᠢ ᠳᠤ | ᠲᠤᠲᠤᠷᠭ᠎ᠠ ᠶᠢ ᠤᠯᠤᠰ ᠤᠨ ᠨᠥᠭᠡᠴᠡ ᠳᠤ ᠲᠦᠰᠢᠭᠯᠡᠨ ᠬᠠᠮᠤᠭ ᠳᠣᠣᠷ᠎ᠠ ᠦᠨ᠎ᠡ ᠶᠢ ᠳᠣᠪᠤᠶᠢᠯᠭᠠᠵᠤ ᠬᠤᠳᠠᠯᠳᠤᠨ ᠠᠪᠬᠤ | ᠠᠵᠢᠯ ᠢ ᠡᠬᠢᠯᠡᠭᠦᠯᠦᠨ᠂ ᠪᠤᠭᠤᠳᠠᠢ᠂ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠵᠤ᠂ | ᠰᠢᠷ᠎ᠠ ᠪᠤᠷᠴᠠᠭ ᠤᠨ ᠪᠣᠷᠤᠯᠠᠭᠤᠯᠭ᠎ᠠ ᠪᠠ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠶᠢ ᠠᠬᠢᠭᠤᠯᠵᠤ᠂ ᠵᠠᠬ᠎ᠠ | ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠤᠨ᠂ ᠠᠮᠤ ᠪᠤᠳᠠᠭ᠎ᠠ ᠬᠤᠳᠠᠯᠳᠤᠬᠤ ᠳᠤ ᠬᠦᠴᠢᠷ ᠪᠠᠶᠢᠳᠠᠯ | ᠭᠠᠷᠬᠤ ᠠᠴᠠ ᠰᠡᠷᠭᠡᠶᠢᠯᠡᠨ᠎ᠡ᠃ ᠨᠥᠬᠦᠪᠦᠷᠢ ᠶᠢᠨ ᠲᠠᠯ᠎ᠠ ᠪᠠᠷ᠂ ᠲᠠᠷᠢᠶᠠᠯᠠᠬᠤ ᠭᠠᠵᠠᠷ ᠤᠨ ᠬᠥᠷᠥᠰᠥ ᠰᠢᠷᠣᠢ ᠶᠢᠨ ᠰᠢᠮ᠎ᠡ | ᠴᠢᠨᠠᠷ ᠢ ᠬᠠᠮᠠᠭᠠᠯᠠᠬᠤ ᠳᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠣᠭᠲᠠᠪᠤᠷᠢᠵᠢᠭᠤᠯᠵᠤ᠂ | ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠦᠷᠢ ᠣᠯᠭᠤᠬᠤ᠂ ᠲᠤᠲᠤᠷᠭ᠎ᠠ ᠶᠢᠨ ᠨᠥᠬᠦᠪᠦᠷᠢ ᠣᠯᠭᠤᠬᠤ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠬᠢᠨ ᠤ ᠠᠮᠤ ᠲᠣᠰᠣᠨ ᠤ ᠲᠠᠷᠢᠮᠠᠯ ᠤᠨ ᠲᠤᠰᠬᠠᠢ | ᠵᠦᠢᠯ ᠤᠨ ᠵᠢᠭᠡᠯᠡᠯᠭᠡ ᠶᠢᠨ ᠳᠠᠮ ᠬᠦᠦ ᠥᠭᠬᠦ ᠲᠤᠷᠰᠢᠯᠲᠠ ᠶᠢᠨ ᠴᠡᠭ ᠥᠷᠨᠢᠭᠦᠯᠬᠦ ᠶᠢ ᠨᠢ ᠵᠣᠷᠢᠭᠵᠢᠭᠤᠯᠤᠨ᠎ᠠ᠃ ᠡᠳᠡᠭᠡᠷ | ᠲᠦᠷᠦ ᠶᠢᠨ ᠪᠣᠳᠣᠯᠭ᠎ᠠ ᠪᠠᠷ ᠳᠠᠮᠵᠢᠭᠤᠯᠤᠨ ᠲᠠᠷᠢᠶᠠᠴᠢᠳ ᠲᠤ ᠦᠨᠡᠨ ᠬᠦ ᠳᠡᠮᠵᠢᠯᠭᠡ ᠦᠵᠡᠭᠦᠯᠬᠦ ᠬᠡᠷᠡᠭᠲᠡᠢ᠃ | ᠳᠠᠭᠠᠳᠬᠠᠯ ᠤᠨ ᠲᠠᠯ᠎ᠠ ᠪᠠᠷ᠂ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠤ ᠲᠠᠷᠢᠶᠠᠯᠠᠩ ᠤᠨ ᠳᠠᠭᠠᠳᠬᠠᠯ ᠳᠤ ᠰᠢᠶᠠᠨ ᠤ | ᠱᠠᠲᠤᠨ ᠤ ᠳᠠᠭᠠᠳᠬᠠᠯ ᠤᠨ ᠰᠦᠢᠳᠬᠡᠯ ᠤᠨ ᠨᠥᠬᠦᠪᠦᠷᠢ ᠶᠢ ᠡᠭᠦᠷᠭᠡᠯᠡᠬᠦ ᠬᠠᠷᠢᠴᠠᠯ ᠢ ᠨᠢ ᠪᠠᠭᠤᠷᠠᠭᠤᠯᠵᠤ᠂ ᠲᠤᠲᠤᠷᠭ᠎ᠠ᠂ | ᠪᠤᠭᠤᠳᠠᠢ᠂ ᠡᠷᠳᠡᠨᠢ ᠰᠢᠰᠢ᠂ ᠰᠢᠷ᠎ᠠ ᠪᠤᠷᠴᠠᠭ ᠤᠨ ᠪᠦᠷᠢᠨ ᠥᠪᠡᠷ ᠤᠨ ᠦᠷᠳᠡᠭ ᠤᠨ ᠳᠠᠭᠠᠳᠬᠠᠯ ᠪᠠ ᠲᠠᠷᠢᠮᠠᠯ ᠤᠨ | ᠣᠷᠣᠯᠭ᠎ᠠ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠᠨ ᠠᠬᠢᠭᠤᠯᠵᠤ᠂ ᠪᠠᠶᠢᠭᠠᠯᠢ ᠶᠢᠨ ᠠᠶᠤᠯ | ᠲᠦᠭᠰᠢᠭᠦᠷᠢ ᠶᠢ ᠰᠡᠷᠭᠡᠶᠢᠯᠡᠬᠦ ᠠᠴᠠ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠡᠶᠢᠰᠢ ᠥᠷᠭᠡᠳᠬᠡᠬᠦ ᠶᠢ ᠨᠢ | ᠲᠦᠷᠭᠡᠳᠬᠡᠨ᠎ᠡ᠃ ᠡᠭᠦᠨ ᠤ ᠬᠠᠮᠲᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠤ ᠪᠤᠳᠠᠭᠠᠨ ᠤ ᠠᠵᠢᠯ ᠢ ᠠᠳᠬᠤᠬᠤ | ᠢᠳᠡᠪᠬᠢᠵᠢᠯ ᠢ ᠨᠢ ᠳᠠᠶᠢᠴᠢᠯᠠᠬᠤ ᠶᠢᠨ ᠲᠣᠭᠤᠷᠢᠨ ᠳᠤ᠂ ᠡᠨᠡ ᠵᠢᠯ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠤ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠬᠡᠷᠡᠭᠵᠢᠭᠦᠯᠬᠦ ᠬᠡᠪᠴᠢᠶ᠎ᠡ ᠶᠢ ᠨᠢ ᠥᠷᠭᠡᠳᠬᠡᠵᠦ᠂ | ᠲᠥᠪ ᠠᠴᠠ ᠨᠢᠭᠡᠳᠦᠯᠲᠡᠢ ᠲᠥᠯᠥᠪᠯᠡᠭᠰᠡᠨ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ | ᠬᠤᠭᠤᠷᠣᠨᠳᠣᠬᠢ ᠬᠥᠨᠳᠡᠯᠡᠨ ᠴᠢᠭᠯᠡᠯ ᠢᠶᠠᠷ ᠠᠰᠢᠭ ᠲᠤᠰᠠ ᠶᠢ ᠨᠢ ᠨᠥᠬᠦᠪᠦᠷᠢᠯᠡᠬᠦ ᠲᠣᠭᠲᠠᠴᠠ ᠶᠢ ᠡᠬᠢᠯᠡᠨ ᠬᠡᠷᠡᠭᠵᠢᠭᠦᠯᠵᠦ᠂ | ︽ᠠᠰᠢᠭ ᠬᠦᠷᠲᠡᠭᠰᠡᠨ︾ ᠮᠤᠵᠢ ᠪᠡᠯᠡ ᠭᠠᠷᠭᠠᠬᠤ᠂ ︽ᠬᠤᠪᠢ ᠨᠡᠮᠡᠷᠢ ᠦᠵᠡᠭᠦᠯᠦᠭᠰᠡᠨ︾ ᠮᠤᠵᠢ ᠨᠢ ᠨᠥᠬᠦᠪᠦᠷᠢ ᠣᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠪᠡᠯᠡ ᠮᠥᠩᠭᠦᠨ ᠤ ᠣᠷᠣᠭᠤᠯᠤᠯᠲᠠ ᠪᠠᠨ ᠶᠡᠭᠡ ᠪᠠᠷ ᠨᠡᠮᠡᠭᠳᠡᠭᠦᠯᠵᠦ ᠪᠠᠶᠢᠭᠠᠳ ᠠᠮᠤ ᠪᠤᠳᠠᠭᠠᠨ ᠤ | ᠭᠤᠣᠯ ᠤᠨᠠᠯᠲᠠ ᠶᠢᠨ ᠣᠷᠣᠨ ᠪᠠ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠢ ᠳᠡᠮᠵᠢᠬᠦ ᠠᠵᠢᠯ ᠢᠶᠠᠨ | ᠴᠢᠩᠭᠠᠷᠠᠭᠤᠯᠤᠨ᠎ᠠ᠃ | ᠣᠳᠣᠬᠠᠨ ᠳᠤ ᠪᠥᠬᠦ ᠤᠯᠤᠰ ᠲᠠᠬᠢ ᠨᠤᠲᠤᠭ ᠲᠤ ᠪᠠᠨ ᠪᠤᠴᠠᠭᠰᠠᠨ ᠡᠯ᠎ᠡ ᠲᠥᠷᠥᠯ ᠤᠨ ᠦᠢᠯᠡᠰ ᠪᠣᠰᠬᠠᠭᠰᠠᠳ | 1200 ᠲᠦᠮᠡ ᠶᠢ ᠳᠠᠪᠠᠪᠠ | ᠣᠲᠣ ᠣᠯᠠᠨ ᠠᠷᠪᠢᠨ ᠵᠠᠯᠠᠭᠤ ᠣᠶᠤᠲᠠᠳ᠂ ᠬᠤᠲᠠ ᠶᠢᠨ ᠴᠠᠭᠠᠨ ᠵᠠᠭᠠᠮᠠᠲᠠᠳ ᠵᠡᠷᠭᠡ ᠬᠥᠮᠥᠰ ᠨᠤᠲᠤᠭ ᠲᠤ ᠪᠠᠨ | ᠪᠤᠴᠠᠵᠤ ᠦᠢᠯᠡᠰ ᠪᠣᠰᠬᠠᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ᠂ ᠰᠢᠨ᠎ᠡ ᠠᠬᠤᠢ ᠪᠠᠶᠢᠳᠠᠯ ᠢ | ᠲᠠᠰᠤᠷᠠᠯᠲᠠ ᠦᠭᠡᠢ ᠳᠠᠶᠢᠴᠢᠯᠠᠨ ᠴᠣᠯᠭᠤᠷᠠᠭᠤᠯᠵᠤ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠪᠥᠬᠦ | ᠤᠯᠤᠰ ᠲᠠᠬᠢ ᠨᠤᠲᠤᠭ ᠲᠤ ᠪᠠᠨ ᠪᠤᠴᠠᠭᠰᠠᠨ ᠡᠯ᠎ᠡ ᠲᠥᠷᠥᠯ ᠤᠨ ᠦᠢᠯᠡᠰ ᠪᠣᠰᠬᠠᠭᠰᠠᠳ 1200 ᠲᠦᠮᠡ ᠶᠢ ᠳᠠᠪᠠᠵᠠᠢ᠃ | ᠡᠳᠡᠭᠡᠷ ︽ᠰᠢᠨ᠎ᠡ ᠲᠠᠷᠢᠶᠠᠴᠢᠨ︾᠂ ︽ᠬᠥᠳᠡᠭᠡ ᠲᠣᠰᠬᠤᠨ ᠤ ᠰᠢᠨ᠎ᠡ ᠶᠢ ᠡᠭᠦᠳᠦᠭᠴᠢ︾ ᠨᠠᠷ ᠮᠡᠷᠭᠡᠵᠢᠯ ᠪᠠ ᠰᠢᠨ᠎ᠡ ᠡᠭᠦᠳᠦᠯᠲᠡ᠂ | ᠬᠦᠰᠡᠯ ᠵᠡᠭᠦᠳᠦ ᠪᠠ ᠬᠠᠶᠢᠷ᠎ᠠ ᠰᠡᠳᠬᠢᠯᠭᠡ ᠡᠪᠦᠷᠯᠡᠨ ᠢᠷᠡᠵᠦ᠂ ᠬᠥᠳᠡᠭᠡ ᠲᠣᠰᠬᠤᠨ ᠤ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠪᠠ ᠬᠥᠷ ᠬᠥᠭᠵᠢᠶᠡᠨ ᠨᠡᠮᠡᠷᠢᠯᠡᠵᠡᠢ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠪᠠᠶᠢᠷᠢᠯᠠᠭᠤᠯᠤᠭᠰᠠᠨ ᠢᠶᠠᠷ᠄ ᠨᠢᠭᠡ ᠲᠠᠯ᠎ᠠ ᠪᠠᠷ᠂ ᠲᠣᠰ | ᠨᠤᠲᠤᠭ ᠤᠨ ᠴᠢᠳᠠᠪᠤᠷᠢᠲᠠᠨ ᠢᠶᠠᠨ ᠬᠥᠮᠥᠵᠢᠭᠦᠯᠬᠦ ᠶᠢ ᠴᠢᠬᠤᠯᠠᠴᠢᠯᠠᠨ ᠴᠢᠩᠭᠠᠳᠬᠠᠵᠤ᠂ ᠲᠠᠷᠢᠶᠠᠴᠢᠳ ᠤᠨ ᠮᠡᠷᠭᠡᠵᠢᠯ ᠤᠷ᠎ᠠ | ᠮᠡᠷᠭᠡᠰᠢᠯ ᠤᠨ ᠪᠣᠯᠪᠠᠰᠤᠷᠠᠯ ᠢ ᠴᠢᠩᠭᠠᠳᠬᠠᠬᠤ᠂ ᠬᠥᠳᠡᠭᠡ ᠲᠣᠰᠬᠤᠨ ᠤ ᠤᠷᠠᠨ ᠳᠠᠷᠬᠠᠨ ᠢ ᠬᠥᠮᠥᠵᠢᠭᠦᠯᠬᠦ ᠢᠨᠵᠧᠨᠧᠷᠢᠩ ᠢ | ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠡᠯ᠎ᠡ ᠲᠥᠷᠥᠯ ᠤᠨ ᠲᠤᠰᠬᠠᠢ | ᠮᠡᠷᠭᠡᠵᠢᠯ ᠤᠨ ᠴᠢᠳᠠᠪᠤᠷᠢᠲᠠᠳ ᠪᠠ ᠬᠡᠷᠡᠭᠯᠡᠭᠡᠨ ᠤ ᠴᠢᠳᠠᠪᠤᠷᠢᠲᠠᠳ ᠤᠨ ᠡᠩᠨᠡᠭᠡ ᠶᠢ ᠪᠤᠵᠠᠭᠠᠶᠢᠷᠠᠭᠤᠯᠤᠨ᠎ᠠ᠃ ᠨᠥᠭᠦᠭᠡ | ᠲᠠᠯ᠎ᠠ ᠪᠠᠷ᠂ ᠭᠠᠳᠠᠨᠠᠬᠢ ᠴᠢᠳᠠᠪᠤᠷᠢᠲᠠᠳ ᠢ ᠣᠷᠣᠭᠤᠯᠤᠨ ᠠᠪᠴᠢᠷᠠᠬᠤ ᠪᠠᠨ ᠠᠩᠬᠠᠷᠤᠨ ᠴᠢᠬᠤᠯᠠᠴᠢᠯᠠᠵᠤ᠂ ᠦᠢᠯᠡᠰ ᠪᠣᠰᠬᠠᠬᠤ | ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ᠂ ᠨᠢᠭᠡ ᠪᠦᠯᠦᠭ ᠦᠨᠳᠦᠰᠦᠨ ᠱᠠᠲᠤᠨ ᠤ ᠦᠢᠯᠡᠴᠢᠯᠡᠭᠡᠨ ᠤ | ᠵᠦᠢᠯᠡᠰ ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠬᠥᠭᠵᠢᠯᠲᠡ ᠳᠤ ᠨᠢᠭᠡ | ᠪᠦᠯᠦᠭ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠳ ᠢ ᠣᠷᠣᠭᠤᠯᠤᠨ ᠠᠪᠴᠢᠷᠠᠨ᠎ᠠ᠃ |