ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠂ ᠡᠷᠬᠡ ᠰᠦᠷᠲᠦ ᠲᠠᠶᠢᠯᠤᠯ ③
ᠨᠡᠶᠢᠲᠡᠯᠡᠭᠰᠡᠨ ᠴᠠᠭ᠄
2025/3/19
    ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠳᠡᠭᠡ ᠲᠣᠰᠬᠤᠨ ᠤ     ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ     ᠰᠤᠷᠭᠠᠨ ᠬᠥᠮᠦᠵᠢᠯ ᠤᠨ ᠲᠠᠯ᠎ᠠ ᠪᠠᠷ᠂ ᠭᠤᠣᠯᠳᠠᠯᠭ᠎ᠠ ᠨᠢ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠ ᠴᠢᠬᠤᠯᠠ ᠪᠦᠬᠦᠢ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠪᠢᠴᠢᠭ ᠮᠠᠲ᠋ᠧᠷᠢᠶᠠᠯ ᠳᠤ ᠣᠨᠴᠠᠭᠠᠶᠢᠯᠠᠨ ᠴᠢᠬᠤᠯᠠᠴᠢᠯᠠᠬᠤ ᠳᠤ ᠪᠠᠨ᠂ ᠬᠥᠳᠡᠭᠡ ᠲᠣᠰᠬᠤᠨ ᠤ ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠪᠠ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ ᠲᠠᠯ᠎ᠠ ᠪᠠᠷ᠂ ᠭᠤᠣᠯᠳᠠᠯᠭ᠎ᠠ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠪᠠ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠭᠤᠣᠯ ᠪᠣᠯᠬᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠠᠶᠢᠲᠤᠷ ᠡᠷᠬᠢᠯᠡᠵᠤ᠂ ᠲᠠᠷᠢᠶᠠᠴᠢᠳ ᠤᠨ ᠡᠪᠡᠳᠴᠢᠨ ᠦᠵᠡᠭᠦᠯᠵᠦ ᠡᠮᠨᠡᠭᠦᠯᠬᠦ ᠳᠤ ᠨᠢ ᠨᠡᠩ ᠲᠦᠬᠦᠮ ᠪᠣᠯᠭᠠᠨ᠎ᠠ᠃ ᠵᠠᠯᠭᠠᠭ᠎ᠠ ᠪᠠᠷ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠ ᠲᠤᠬᠠᠢ ᠶᠢᠨ ᠵᠢᠯ ᠳᠤ ᠲᠠᠩᠰᠠ ᠲᠠᠶᠢᠯᠤᠭᠰᠠᠨ ᠦᠭᠡᠢ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠣᠬᠢᠬᠤ ᠬᠡᠮᠵᠢᠶᠡᠨ ᠤ ᠵᠣᠷᠢᠭᠵᠢᠭᠤᠯᠤᠯ ᠥᠭᠴᠦ᠂ ᠳᠠᠭᠠᠳᠬᠠᠯ ᠳᠤ ᠣᠷᠣᠯᠴᠠᠭᠰᠠᠨ ᠲᠠᠷᠢᠶᠠᠴᠢᠳ ᠲᠤ ᠪᠣᠳᠠᠲᠠᠢ ᠠᠰᠢᠭ ᠬᠦᠷᠲᠡᠭᠡᠨ᠎ᠡ᠃ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ᠂ ᠭᠤᠣᠯᠳᠠᠯᠭ᠎ᠠ ᠨᠢ ᠬᠥᠳᠡᠭᠡ ᠲᠣᠰᠬᠤᠨ ᠤ ᠨᠠᠰᠤᠵᠢᠭᠰᠠᠨ ᠬᠥᠮᠥᠨ ᠣᠯᠠᠳᠠᠵᠤ ᠪᠠᠶᠢᠭ᠎ᠠ ᠬᠠᠨᠳᠤᠰᠢ ᠳᠤ ᠴᠢᠭᠯᠡᠭᠦᠯᠦᠨ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠡᠪᠡᠷᠰᠢᠶᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠨ᠎ᠡ᠃     ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠶᠡᠷᠦᠩᠬᠡᠢ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ᠂     ᠬᠠᠷᠢᠨ ᠮᠥᠨ ᠯᠡ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠢ ᠪᠠᠶᠢᠳᠠᠯ ᠳᠤ ᠪᠠᠨ ᠣᠷᠣᠰᠢᠵᠤ ᠪᠠᠶᠢᠨ᠎ᠠ     ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠢ ᠬᠡᠷᠬᠢᠨ ᠠᠳᠬᠤᠬᠤ ᠲᠤᠬᠠᠢ ᠡᠶᠢᠮᠦ ᠨᠢᠭᠡᠨ ᠴᠢᠮᠡᠭᠡ ᠳᠤᠭᠤᠯᠳᠠᠵᠤ ᠪᠣᠢ᠂ ᠠᠮᠤ ᠪᠤᠳᠠᠭᠠᠨ ᠤ ᠤᠨᠠᠯᠲᠠ ᠨᠡᠮᠡᠭᠳᠡᠪᠡ᠂ ᠳᠡᠭᠡᠷ᠎ᠡ ᠨᠢ ᠠᠮᠤ ᠪᠤᠳᠠᠭᠠᠨ ᠤ ᠵᠠᠬ᠎ᠠ ᠳᠡᠯᠭᠡᠭᠦᠷ ᠴᠦ ᠨᠡᠯᠢᠶᠡᠳ ᠮᠠᠭᠤᠵᠢᠷᠠᠵᠤ᠂ ᠵᠠᠷᠢᠮ ᠡᠭᠦᠯᠳᠡᠷ ᠤᠨ ᠦᠨ᠎ᠡ ᠬᠠᠩᠰᠢ ᠪᠠᠭᠤᠷᠠᠭᠰᠠᠨ ᠪᠣᠯᠬᠤᠷ ᠡᠨᠡ ᠵᠢᠯ ᠤᠨ ᠠᠮᠤ ᠪᠤᠳᠠᠭᠠᠨ ᠤ ᠠᠵᠢᠯ ᠤᠨ ᠡᠷᠴᠢᠮ ᠢ ᠰᠤᠯᠠᠷᠠᠭᠤᠯᠪᠠᠯ ᠶᠠᠮᠠᠷ ᠵᠡᠷᠭᠡ ᠪᠣᠢ︖ ᠡᠭᠦᠨ ᠤ ᠲᠤᠬᠠᠢ ᠲᠥᠪ ᠬᠤᠷᠢᠶᠠᠨ ᠤ ᠲᠦᠷᠦ ᠶᠢᠨ ᠪᠣᠳᠣᠯᠭ᠎ᠠ ᠪᠣᠯ ᠲᠣᠳᠣᠷᠬᠠᠢ ᠶᠤᠮ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭᠠᠳᠬᠠᠬᠤ ᠠᠴᠠ ᠪᠢᠰᠢ ᠰᠤᠯᠠᠷᠠᠭᠤᠯᠵᠤ ᠪᠣᠯᠬᠤ ᠦᠭᠡᠢ᠃ ᠠᠮᠤ ᠪᠤᠳᠠᠭᠠᠨ ᠤ ᠦᠨ᠎ᠡ ᠬᠠᠩᠰᠢ ᠬᠡᠰᠡᠭ ᠬᠤᠭᠤᠴᠠᠭᠠᠨ ᠳᠤ ᠪᠣᠯᠤᠭᠰᠠᠨ ᠠᠴᠠ ᠪᠣᠯᠣᠭᠠᠳ ᠠᠮᠤ ᠪᠤᠳᠠᠭᠠᠨ ᠤ ᠦᠢᠯᠡᠳᠪᠦᠷᠢᠯᠡᠯ ᠨᠢᠭᠡᠨᠲᠡ ᠵᠣᠪᠠᠭᠤ ᠤᠴᠢᠷ ᠦᠭᠡᠢ ᠪᠣᠯᠴᠢᠬᠠᠯ᠎ᠠ ᠭᠡᠵᠦ ᠬᠥᠩᠭᠡᠨ ᠬᠠᠭᠤᠳᠠᠮ ᠢᠶᠠᠷ ᠬᠡᠯᠡᠵᠦ ᠶᠠᠭᠠᠬᠢᠭᠰᠠᠨ ᠴᠤ ᠪᠣᠯᠬᠤ ᠦᠭᠡᠢ᠃ ᠨᠢᠭᠡ ᠲᠠᠯ᠎ᠠ ᠪᠠᠷ᠂ ᠠᠮᠤ ᠪᠤᠳᠠᠭᠠᠨ ᠤ ᠦᠢᠯᠡᠳᠪᠦᠷᠢᠯᠡᠯ ᠨᠢ ᠵᠣᠬᠢᠬᠤ ᠬᠡᠮᠵᠢᠶᠡᠨ ᠳᠤ ᠮᠥᠨ ᠯᠡ ᠲᠡᠭᠷᠢ ᠶᠢᠨ ᠴᠢᠷᠠᠢ ᠶᠢ ᠬᠠᠷᠠᠨ ᠠᠮᠢᠳᠤᠷᠠᠵᠤ᠂ ︽ᠬᠥᠮᠥᠨ ᠴᠢᠷᠮᠠᠶᠢᠬᠤ︾ ᠲᠡᠳᠦᠢ ᠪᠢᠰᠢ ᠪᠠᠰᠠ ︽ᠲᠡᠭᠷᠢ ᠶᠢᠨ ᠴᠢᠷᠠᠢ ᠶᠢ ᠬᠠᠷᠠᠬᠤ ᠴᠢᠬᠤᠯᠠᠲᠠᠢ ᠪᠠᠶᠢᠳᠠᠭ︾᠃ ᠣᠶᠢᠷ᠎ᠠ ᠶᠢᠨ ᠵᠢᠯ ᠤᠳ ᠲᠤ ᠬᠡᠴᠡᠭᠦᠦ ᠴᠠᠭ ᠠᠭᠤᠷ ᠵᠡᠷᠭᠡ ᠪᠠᠶᠢᠭᠠᠯᠢ ᠶᠢᠨ ᠭᠠᠮᠰᠢᠭ ᠤᠯᠠᠨ ᠡᠭᠦᠰᠴᠦ ᠲᠠᠬᠢᠨ ᠡᠭᠦᠰᠴᠦ ᠪᠠᠶᠢᠭ᠎ᠠ ᠪᠣᠯᠬᠤᠷ ᠲᠣᠭᠲᠠᠭᠤᠨ ᠪᠤᠰᠤ ᠬᠦᠴᠦᠨ ᠵᠦᠢᠯ ᠮᠠᠰᠢ ᠤᠯᠠᠨ ᠪᠠᠶᠢᠨ᠎ᠠ᠂ ᠡᠶᠢᠮᠦ ᠠᠴᠠ ᠡᠷᠬᠡᠪᠰᠢ ᠭᠠᠮᠰᠢᠭ ᠢ ᠡᠰᠡᠷᠭᠦᠴᠡᠨ ᠡᠯᠪᠡᠭ ᠬᠤᠷᠢᠶᠠᠯᠲᠠ ᠶᠢ ᠲᠡᠮᠡᠴᠡᠨ ᠣᠯᠬᠤ ᠳᠤ ᠰᠠᠭᠤᠷᠢᠯᠠᠵᠤ᠂ ᠬᠦᠴᠢᠷ ᠪᠡᠷᠬᠡᠰᠢᠶᠡᠯ ᠢ ᠲᠡᠷᠢᠭᠦᠨ ᠳᠤ ᠲᠠᠯᠪᠢᠵᠤ᠂ ᠠᠮᠤᠷ ᠲᠦᠪᠰᠢᠨ ᠢᠶᠠᠷ ᠬᠤᠷᠢᠶᠠᠯᠲᠠ ᠣᠯᠬᠤ ᠢᠯᠡᠳᠬᠡᠮᠵᠢ ᠶᠢ ᠨᠡᠩ ᠥᠨᠳᠥᠷ ᠪᠣᠯᠭᠠᠬᠤ ᠬᠡᠷᠡᠭᠲᠡᠢ᠃ ᠨᠥᠭᠦᠭᠡ ᠲᠠᠯ᠎ᠠ ᠪᠠᠷ᠂ ᠮᠠᠨ ᠤ ᠤᠯᠤᠰ ᠤᠨ ᠠᠮᠤ ᠪᠤᠳᠠᠭᠠᠨ ᠤ ᠬᠡᠷᠡᠭᠴᠡᠭᠡ ᠪᠠᠰᠠ ᠲᠠᠰᠤᠷᠠᠯᠲᠠ ᠦᠭᠡᠢ ᠥᠷᠭᠡᠳᠴᠦ᠂ 14 ᠳ᠋ᠦᠩᠰᠢᠭᠤᠷ ᠭᠠᠷᠤᠢ ᠬᠥᠮᠥᠨ ᠤ ᠢᠳᠡᠬᠦ ᠬᠤᠭᠤᠯᠠ ᠪᠠᠶᠢᠬᠤ ᠶᠢ ᠪᠠᠲᠤᠯᠠᠬᠤ ᠬᠡᠷᠡᠭᠲᠡᠢ ᠮᠥᠷᠲᠡᠭᠡᠨ ᠰᠠᠶᠢᠨ ᠬᠤᠭᠤᠯᠠ ᠢᠳᠡᠬᠦ ᠶᠢ ᠬᠦᠰᠡᠵᠦ ᠪᠠᠶᠢᠨ᠎ᠠ᠃ ᠤᠳᠤ ᠬᠡᠳᠦᠢ ᠪᠠᠷ ᠬᠥᠮᠥᠰ ᠤᠨ ᠬᠦᠨᠡᠰᠦᠨ ᠠᠮᠤ ᠢᠳᠡᠬᠦ ᠨᠢ ᠪᠠᠭ᠎ᠠ ᠪᠣᠯᠤᠭᠰᠠᠨ ᠴᠤ ᠮᠢᠬ᠎ᠠ᠂ ᠥᠨᠳᠡᠭᠡ᠂ ᠰᠦ ᠢᠳᠡᠬᠦ ᠨᠢ ᠶᠡᠭᠡ ᠪᠣᠯᠪᠠ᠂ ᠡᠳᠡᠭᠡᠷ ᠢ ᠴᠥᠮ ᠤᠯᠠᠮ ᠠᠴᠠ ᠤᠯᠠᠮ ᠠᠷᠪᠢᠨ ᠲᠡᠵᠢᠭᠡᠯ ᠪᠣᠷᠳᠣᠭᠠᠨ ᠤ ᠠᠮᠤ ᠠᠴᠠ ᠤᠯᠠᠷᠢᠭᠤᠯᠵᠤ ᠰᠢᠢᠳᠪᠦᠷᠢᠯᠡᠬᠦ ᠴᠢᠬᠤᠯᠠ ᠲᠠᠢ᠃ ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠶᠡᠷᠦᠩᠬᠡᠢ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ᠂ ᠬᠠᠷᠢᠨ ᠮᠥᠨ ᠯᠡ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠢ ᠪᠠᠶᠢᠳᠠᠯ ᠳᠤ ᠪᠠᠨ ᠣᠷᠣᠰᠢᠵᠤ ᠪᠠᠶᠢᠨ᠎ᠠ᠃ ᠲᠡᠦᠬᠡᠨ ᠲᠤᠷᠰᠢᠯᠭ᠎ᠠ ᠬᠠᠷᠠᠭᠤᠯᠤᠭᠰᠠᠨ ᠨᠢ᠂ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠢ ᠳᠡᠭᠡᠭᠰᠢᠯᠡᠭᠦᠯᠬᠦ ᠳᠤ ᠶᠡᠷᠦ ᠨᠢ ᠮᠠᠰᠢ ᠬᠦᠴᠢᠷ᠂ ᠪᠠᠭᠤᠷᠠᠭᠤᠯᠬᠤ ᠳᠤ ᠬᠠᠷᠢᠨ ᠬᠠᠷᠢᠴᠠᠩᠭᠤᠢ ᠪᠠᠷ ᠠᠮᠠᠷᠬᠠᠨ ᠪᠠᠶᠢᠳᠠᠭ᠂ ᠠᠵᠢᠯ ᠤᠨ ᠡᠷᠴᠢᠮ ᠢᠶᠠᠨ ᠰᠤᠯᠠᠷᠠᠭᠤᠯᠤᠭᠰᠠᠨ ᠠᠴᠠ ᠪᠣᠯᠣᠭᠠᠳ ᠦᠢᠯᠡᠳᠪᠦᠷᠢᠯᠡᠯ ᠢ ᠶᠡᠭᠡ  ᠪᠠᠷ  ᠳᠡᠭᠡᠭᠰᠢᠯᠡᠭᠦᠯᠵᠦ ᠶᠡᠭᠡ ᠪᠠᠷ ᠪᠠᠭᠤᠷᠠᠭᠤᠯᠵᠤ ᠶᠠᠭᠠᠬᠢᠭᠰᠠᠨ ᠴᠤ ᠪᠣᠯᠬᠤ ᠦᠭᠡᠢ᠃ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠦᠷᠭᠦᠯᠵᠢᠯᠡᠨ ᠲᠡᠷᠢᠭᠦᠨ ᠪᠠᠶᠢᠷᠢᠨ ᠳᠤ ᠲᠠᠯᠪᠢᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠥᠪᠡᠷ ᠤᠨ ᠪᠤᠳᠠᠭᠠᠨ ᠠᠶᠠᠭ᠎ᠠ ᠪᠠᠨ ᠭᠠᠷ ᠲᠤ ᠪᠠᠨ ᠨᠡᠩ ᠯᠠᠪᠳᠠᠭᠤᠨ ᠪᠠᠲᠤ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃     ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠢ ᠶᠢ ᠠᠯᠪᠠ ᠪᠠᠷ ᠰᠢᠯᠵᠢᠭᠦᠯᠵᠦ ᠡᠷᠭᠢᠯᠳᠦᠭᠦᠯᠬᠦ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ     ᠡᠷᠦᠭᠡ ᠳᠤ ᠳᠠᠭᠠᠭᠠᠴᠢᠯᠠᠭᠤᠯᠤᠨ ᠡᠵᠡᠩᠨᠡᠭᠦᠯᠦᠭᠰᠡᠨ ᠰᠠᠭᠤᠷᠢᠨ ᠳᠡᠭᠡᠷ᠎ᠡ᠂ ᠳᠠᠭᠠᠭᠠᠴᠢᠯᠠᠭᠰᠠᠨ ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠪᠠᠷ ᠳᠠᠮᠵᠢᠭᠤᠯᠤᠨ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠰᠢᠯᠵᠢᠭᠦᠯᠦᠨ ᠡᠷᠭᠢᠯᠳᠦᠭᠦᠯᠬᠦ ᠶᠢ ᠬᠥᠲᠥᠯᠥᠨ ᠵᠢᠯᠤᠭᠤᠳᠴᠤ᠂ ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠪᠣᠯ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠪᠠᠰᠠ ᠴᠤ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠶᠢᠨ ᠴᠢᠬᠤᠯᠠ ᠲᠠᠯ᠎ᠠ ᠮᠥᠨ᠃ ᠣᠶᠢᠷ᠎ᠠ ᠶᠢᠨ ᠵᠢᠯ ᠤᠳ ᠲᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠲᠣᠭᠲᠠᠭᠤᠨ ᠪᠠᠶᠢᠵᠤ᠂ ᠳᠠᠭᠠᠭᠠᠴᠢᠯᠠᠯᠲᠠ ᠶᠢᠨ ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠵᠦ ᠪᠠᠶᠢᠬᠤ ᠨᠢ ᠶᠡᠷᠦᠩᠬᠡᠢ ᠳᠤ ᠪᠠᠨ ᠵᠢᠷᠤᠮᠵᠢᠭᠤᠨ ᠪᠥᠭᠡᠳ ᠡᠮᠬᠢ ᠳᠢᠭᠯᠢᠮ ᠲᠠᠢ ᠪᠠᠶᠢᠨ᠎ᠠ᠂ ᠭᠡᠪᠡᠴᠦ ᠵᠠᠷᠢᠮ ᠭᠠᠵᠠᠷ ᠣᠷᠣᠨ ᠳᠤ ᠪᠠᠰᠠ ᠳᠦᠷᠢᠮ ᠠᠴᠠ ᠵᠥᠷᠢᠴᠡᠨ ᠠᠵᠢᠯᠯᠠᠭᠤᠯᠤᠭᠰᠠᠨ ᠠᠰᠠᠭᠤᠳᠠᠯ ᠤᠳ ᠭᠠᠷᠴᠠᠢ᠂ ᠪᠢᠴᠢᠭ ᠮᠠᠲ᠋ᠧᠷᠢᠶᠠᠯ ᠳᠤ ᠡᠭᠦᠨ ᠤ ᠲᠤᠬᠠᠢ ᠴᠢᠬᠤᠯᠠᠴᠢᠯᠠᠭᠰᠠᠨ ᠪᠠᠶᠢᠨ᠎ᠠ᠃     ᠨᠢᠭᠡ ᠳᠤ᠂ ᠭᠠᠵᠠᠷ ᠰᠢᠷᠣᠢ ᠶᠢ ᠰᠢᠯᠵᠢᠭᠦᠯᠦᠨ ᠡᠷᠭᠢᠯᠳᠦᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠴᠠᠲᠠᠢ ᠠᠳᠬᠤᠨ᠎ᠠ᠃ ᠲᠥᠪ ᠬᠤᠷᠢᠶᠠᠨ ᠤ ᠱᠠᠭᠠᠷᠳᠠᠯᠭ᠎ᠠ ᠮᠠᠰᠢ ᠲᠣᠳᠣᠷᠬᠠᠢ ᠪᠠᠶᠢᠨ᠎ᠠ᠂ ᠳᠠᠭᠠᠭᠠᠴᠢᠯᠠᠭᠰᠠᠨ ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠤ ᠬᠠᠤᠯᠢ ᠶᠣᠰᠣᠭᠠᠷ᠂ ᠰᠠᠨᠠᠭᠠᠴᠢᠯᠠᠭ᠎ᠠ ᠶᠢᠨ᠂ ᠲᠥᠯᠥᠪᠦᠷᠢ ᠲᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠂ ᠳᠠᠭᠠᠭᠠᠴᠢᠯᠠᠭᠰᠠᠨ ᠲᠠᠷᠢᠶᠠᠴᠢᠨ ᠡᠷᠤᠭᠡ ᠶᠢᠨ ᠰᠠᠨᠠᠭ᠎ᠠ ᠠᠴᠠ ᠵᠥᠷᠢᠴᠡᠵᠦ ᠪᠣᠯᠬᠤ ᠦᠭᠡᠢ᠂ ᠲᠠᠷᠢᠶᠠᠴᠢᠳ ᠤᠨ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠂ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠ ᠲᠠᠷᠢᠶᠠᠯᠠᠩ ᠤᠨ ᠠᠮᠢ ᠠᠬᠤᠢ ᠣᠷᠴᠢᠨ ᠠᠬᠤᠢ ᠶᠢ ᠡᠪᠳᠡᠵᠦ ᠪᠣᠯᠬᠤ ᠦᠭᠡᠢ᠃ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ᠂ ᠲᠥᠪᠯᠡᠷᠡᠭᠦᠯᠬᠦ᠂ ᠬᠡᠪᠴᠢᠶᠡᠵᠢᠭᠦᠯᠦᠨ ᠡᠵᠡᠩᠨᠡᠬᠦ ᠬᠡᠮᠵᠢᠶ᠎ᠡ ᠶᠢ ᠰᠠᠶᠢᠲᠤᠷ ᠡᠵᠡᠮᠳᠡᠵᠦ᠂ ᠬᠤᠳᠠ ᠪᠠᠯᠭᠠᠰᠤᠵᠢᠯᠲᠠ ᠶᠢᠨ ᠠᠬᠢᠴᠠ ᠪᠠ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠰᠢᠯᠵᠢᠯᠲᠡ ᠶᠢᠨ ᠬᠡᠪᠴᠢᠶ᠎ᠡ ᠯᠦᠭᠡ ᠵᠣᠬᠢᠴᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠪᠠ ᠦᠢᠯᠡᠳᠪᠦᠷᠢᠯᠡᠯ ᠤᠨ ᠠᠷᠭ᠎ᠠ ᠪᠠᠷᠢᠯ ᠤᠨ ᠰᠠᠶᠢᠵᠢᠷᠠᠯᠲᠠ ᠶᠢᠨ ᠬᠡᠮᠵᠢᠶ᠎ᠡ ᠯᠦᠭᠡ ᠵᠣᠬᠢᠴᠠᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠯᠦᠭᠡ ᠵᠣᠬᠢᠴᠠᠭᠤᠯᠬᠤ ᠬᠡᠷᠡᠭᠲᠡᠢ᠃     ᠬᠤᠶᠠᠷ ᠲᠤ᠂ ᠭᠠᠵᠠᠷ ᠰᠢᠷᠣᠢ ᠶᠢ ᠰᠢᠯᠵᠢᠭᠦᠯᠦᠨ ᠡᠷᠭᠢᠯᠳᠦᠭᠦᠯᠬᠦ ᠶᠢᠨ ᠬᠠᠮᠢᠶᠠᠷᠤᠯᠲᠠ ᠦᠢᠯᠡᠴᠢᠯᠡᠭᠡᠨ ᠤ ᠳᠦᠷᠢᠮ ᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠨᠢ ᠭᠠᠵᠠᠷ ᠰᠢᠷᠣᠢ ᠶᠢ ᠰᠢᠯᠵᠢᠭᠦᠯᠦᠨ ᠡᠷᠭᠢᠯᠳᠦᠭᠦᠯᠬᠦ ᠢ ᠵᠢᠷᠤᠮᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠰᠢᠯᠵᠢᠭᠦᠯᠦᠨ ᠡᠷᠭᠢᠯᠳᠦᠭᠦᠯᠬᠦ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠨ᠎ᠠ᠃ ᠡᠯ᠎ᠡ ᠭᠠᠵᠠᠷ ᠤᠨ ᠬᠢᠨ ᠤ ᠰᠢᠯᠵᠢᠭᠦᠯᠦᠨ ᠡᠷᠭᠢᠯᠳᠦᠭᠦᠯᠬᠦ ᠦᠨ᠎ᠡ ᠶᠢᠨ ᠵᠢᠭᠠᠯᠲᠠ ᠲᠤᠭ᠎ᠠ ᠶᠢ ᠨᠡᠶᠢᠲᠡᠯᠡᠬᠦ᠂ ᠪᠣᠳᠠᠲᠤ ᠶᠠᠭᠤᠮ᠎ᠠ ᠪᠠᠷ ᠲᠦᠷᠢᠶᠡᠰᠦ ᠪᠤᠳᠤᠬᠤ ᠵᠡᠷᠭᠡ ᠠᠷᠭ᠎ᠠ ᠮᠠᠶ᠋ᠢᠭ ᠢᠶᠠᠷ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠢ ᠵᠦᠢ ᠵᠣᠬᠢᠰᠲᠠᠢ ᠬᠢᠷᠢ ᠲᠦᠪᠰᠢᠨ ᠳᠤ ᠲᠣᠭᠲᠠᠪᠤᠷᠢᠵᠢᠭᠤᠯᠬᠤ ᠶᠢ ᠠᠬᠢᠭᠤᠯᠬᠤ ᠶᠢ ᠵᠣᠷᠢᠭᠵᠢᠭᠤᠯᠤᠨ᠎ᠠ᠂ ᠢᠩᠭᠢᠪᠡᠯ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠳᠣᠣᠷ᠎ᠠ ᠪᠣᠯᠤᠭᠰᠠᠨ ᠠᠴᠠ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠠᠴᠠ ᠵᠠᠶᠢᠯᠠᠰᠬᠢᠵᠦ ᠪᠣᠯᠬᠤ ᠮᠥᠷᠲᠡᠭᠡᠨ ᠪᠠᠰᠠ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠥᠨᠳᠥᠷ ᠪᠣᠯᠤᠭᠰᠠᠨ ᠠᠴᠠ ᠲᠠᠷᠢᠶᠠᠯᠠᠩ ᠤᠨ ᠥᠷᠢᠰᠦᠯᠳᠦᠬᠦ ᠬᠦᠴᠦᠨ ᠢ ᠨᠥᠯᠥᠭᠡᠯᠡᠬᠦ ᠠᠴᠠ ᠰᠡᠷᠭᠡᠶᠢᠯᠡᠵᠦ ᠴᠢᠳᠠᠨ᠎ᠠ᠃ᠭᠤᠷᠪᠠ ᠳᠤ᠂ ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠢ ᠶᠢ ᠠᠯᠪᠠᠳᠠᠯᠭ᠎ᠠ ᠪᠠᠷ ᠰᠢᠯᠵᠢᠭᠦᠯᠦᠨ ᠡᠷᠭᠢᠯᠳᠦᠭᠦᠯᠬᠦ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ᠃ ᠳᠠᠭᠠᠭᠠᠴᠢᠯᠠᠯᠲᠠ ᠶᠢᠨ ᠭᠠᠵᠠᠷ ᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠡᠰᠡᠬᠦ᠂ ᠦᠨ᠎ᠡ ᠬᠠᠩᠰᠢ ᠶᠢ ᠬᠡᠷᠬᠢᠨ ᠲᠣᠭᠲᠠᠭᠠᠬᠤ᠂ ᠬᠡᠯᠪᠡᠷᠢ ᠶᠢ ᠬᠡᠷᠬᠢᠨ ᠰᠣᠩᠭᠤᠬᠤ ᠶᠢ ᠲᠣᠭᠲᠠᠭᠠᠬᠤ ᠡᠷᠬᠡ  ᠨᠢ ᠴᠥᠮ ᠲᠠᠷᠢᠶᠠᠴᠢᠨ ᠡᠷᠦᠬᠡ᠂ ᠲᠠᠷᠢᠶᠠᠴᠢᠳ ᠤᠨ ᠬᠡᠯᠡᠭᠰᠡᠨ ᠢᠶᠠᠷ ᠪᠣᠯᠭᠠᠨ᠎ᠠ᠂ ᠭᠦᠢᠴᠡᠳᠬᠡᠯ ᠲᠤᠭ᠎ᠠ ᠪᠠᠭᠤᠯᠭᠠᠬᠤ᠂ ᠡᠭᠦᠷᠭᠡ ᠲᠣᠭᠲᠠᠭᠠᠬᠤ ᠴᠢᠨᠠᠭᠰᠢᠯᠠᠪᠠᠯ ᠠᠯᠪᠠᠳᠠᠨ ᠵᠠᠷᠯᠢᠭᠳᠠᠵᠤ᠂ ᠲᠠᠷᠢᠶᠠᠴᠢᠳ ᠢ ᠳᠠᠭᠠᠭᠠᠴᠢᠯᠠᠭᠰᠠᠨ ᠭᠠᠵᠠᠷ ᠰᠢᠷᠣᠢ ᠠᠴᠠ ᠨᠢ ᠠᠯᠪᠠᠳᠠᠯᠭ᠎ᠠ ᠪᠠᠷ ᠰᠢᠬᠠᠨ ᠭᠠᠷᠭᠠᠵᠤ ᠪᠣᠯᠬᠤ ᠦᠭᠡᠢ᠃ ᠵᠠᠷᠢᠮ ᠭᠠᠵᠠᠷ ᠣᠷᠣᠨ ᠤ ᠭᠠᠵᠠᠷ ᠰᠢᠷᠣᠢ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠨᠥᠬᠦᠴᠡᠯ ᠪᠣᠯᠭᠠᠵᠤ᠂ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠲᠠᠯᠠᠪᠠᠶ᠂ ᠰᠢᠯᠵᠢᠭᠦᠯᠦᠨ ᠡᠷᠭᠢᠯᠳᠦᠭᠦᠯᠬᠦ ᠬᠠᠷᠢᠴᠠᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠡᠰᠡᠬᠦᠯ᠎ᠡ ᠲᠥᠷᠥ ᠶᠢᠨ ᠪᠣᠳᠣᠯᠭ᠎ᠠ ᠶᠢᠨ ᠱᠠᠩᠨᠠᠯ ᠳᠤ ᠣᠷᠣᠭᠤᠯᠵᠤ᠂ ᠭᠠᠵᠠᠷ ᠰᠢᠷᠣᠢ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠨᠣᠷᠮ᠎ᠠ ᠶᠢ ᠲᠥᠯᠦᠪᠵᠢᠭᠦᠯᠭᠡ ᠶᠢᠨ ᠭᠦᠢᠴᠡᠳᠬᠡᠯ ᠲᠤᠭ᠎ᠠ ᠪᠤᠶᠤ ᠲᠥᠷᠥᠯ ᠵᠦᠢᠯ ᠢ ᠮᠡᠳᠡᠭᠦᠯᠬᠦ ᠨᠥᠬᠦᠴᠡᠯ ᠪᠣᠯᠭᠠᠬᠤ ᠵᠡᠷᠭᠡ ᠵᠣᠬᠢᠰ ᠦᠭᠡᠢ ᠪᠠ ᠪᠤᠷᠤᠭᠤ ᠠᠷᠭ᠎ᠠ ᠬᠢᠳᠡᠯ ᠢ ᠴᠠᠭ ᠲᠤᠬᠠᠢ ᠳᠤ ᠨᠢ ᠵᠠᠯᠠᠷᠠᠭᠤᠯᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号