ᠵᠠᠩ ᠶᠢᠩ ᠵᠢᠶᠧ ᠮᠠᠯᠵᠢᠬᠤ ᠣᠷᠣᠨ ᠤ ᠭᠤᠤᠯᠳᠠᠯᠭ᠎ᠠ ᠲᠠᠢ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/3/19
     3 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠶᠢᠩ ᠵᠢᠶᠧ ᠷᠠᠰᠢᠶᠠᠨᠪᠣᠯᠠᠭ ᠪᠠᠯᠭᠠᠰᠤᠨ ᠳᠤ ᠬᠦᠷᠴᠦ᠂ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠬᠢᠨᠠᠨ ᠵᠢᠯᠣᠭᠤᠳᠪᠠ᠃ ᠵᠠᠩ ᠶᠢᠩ ᠵᠢᠶᠧ ᠤᠷᠢᠳ ᠬᠤᠵᠢᠳ ᠪᠠᠯᠪᠠᠴᠢ ᠶᠢᠨ ᠷᠠᠰᠢᠶᠠᠨ᠂ ᠤᠳᠤ ᠦᠶ᠎ᠡ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠂ ᠮᠠᠯᠴᠢᠳ ᠤᠨ ᠭᠡᠷ ᠲᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠤᠵᠠᠭᠠᠶᠢᠷᠠᠯ᠂ ᠮᠠᠯᠵᠢᠬᠤ ᠣᠷᠣᠨ ᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃  ᠲᠡᠷᠡ  ᠂  ᠠᠮᠢ ᠠᠬᠤᠢ ᠶᠢ ᠲᠡᠷᠢᠭᠦᠨ ᠳᠤ ᠲᠠᠯᠪᠢᠬᠤ᠂  ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂  ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠢ᠃ ᠰᠠᠭᠤᠷᠢ ᠲᠠᠯᠪᠢᠬᠤ᠂ ᠠᠯᠤᠰ ᠬᠡᠳᠤ ᠳᠤ ᠠᠰᠢᠭᠲᠠᠢ ᠨᠢᠭᠡ ᠪᠦᠯᠦᠭ ᠰᠠᠶᠢᠨ ᠲᠦᠷᠦᠯ ᠵᠦᠢᠯ ᠢ ᠬᠦᠴᠦᠯᠡᠨ ᠲᠥᠯᠥᠪᠵᠢᠭᠦᠯᠵᠦ ᠨᠥᠭᠡᠴᠡᠯᠡᠵᠦ᠂ ᠪᠠᠶᠠᠵᠢᠭᠤᠯᠬᠤ ᠴᠢᠳᠠᠪᠤᠷᠢᠲᠠᠨ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠮᠠᠯᠴᠢᠨ ᠡᠷᠦᠬᠡ ᠶᠢᠨ ᠲᠡᠷᠢᠭᠦᠨ ᠤ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠨ ᠳᠡᠯᠭᠡᠷᠡᠭᠦᠯᠵᠦ᠂ ᠪᠦᠬᠦ ᠬᠦᠴᠦᠨ ᠢᠶᠠᠷ ᠢᠶᠠᠨ ᠠᠵᠤ ᠦᠢᠯᠡᠰ ᠤᠨ ᠲᠤᠯᠭᠠᠭᠤᠷᠢᠯᠠᠯ ᠢ ᠰᠢᠯᠢᠳᠡᠭᠵᠢᠭᠦᠯᠵᠦ᠂ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠪᠡᠰᠦ ᠪᠣᠷᠳᠤᠭ᠎ᠠ ᠶᠢ ᠨᠥᠭᠡᠴᠡᠯᠡᠬᠦ᠂ ᠮᠠᠯ ᠡᠮᠨᠡᠯᠭᠡ ᠮᠠᠯ ᠤᠨ ᠡᠮ᠂ ᠬᠤᠭ ᠨᠣᠪᠰᠢ ᠶᠢ ᠬᠤᠷᠢᠶᠠᠨ ᠵᠥᠭᠡᠭᠡᠪᠦᠷᠢᠯᠡᠬᠦ ᠵᠡᠷᠭᠡ ᠴᠢᠬᠤᠯᠠ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠮᠠᠯᠴᠢᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃     ᠤᠮᠠᠷᠠᠲᠤ ᠶᠢᠨ ᠴᠢᠯᠠᠭᠤᠨ ᠲᠤᠰᠤᠨ ᠤ ᠠᠭᠤᠷᠬᠠᠢ ᠶᠢᠨ ᠬᠤᠶᠠᠳᠤᠭᠠᠷ ᠬᠤᠪᠢᠶᠠᠷᠢ ᠺᠣᠮᠫᠠᠨᠢ ᠶᠢᠨ ᠭᠠᠯ ᠤᠨᠲᠠᠷᠠᠭᠠᠬᠤ ᠰᠠᠯᠪᠤᠷᠢ ᠠᠩᠬᠢ ᠳᠤ᠂ ᠵᠠᠩ ᠶᠢᠩ ᠵᠢᠶᠧ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠡᠩᠨᠡᠭᠡ ᠶᠢᠨ ᠪᠠᠶᠢᠭᠤᠯᠤᠯᠲᠠ᠂ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ᠃ ᠲᠡᠷᠡ ᠬᠡᠯᠡᠬᠦ ᠳᠡᠭᠡᠨ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠯᠳᠤᠭᠠᠨ ᠳᠤ ᠣᠷᠣᠯᠴᠠᠬᠤ ᠪᠠᠶᠢᠳᠠᠯ ᠢ ᠴᠠᠭ ᠢᠮᠠᠭᠲᠠ ᠪᠠᠲᠤᠯᠠᠵᠤ᠂  ᠭᠠᠯ  ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠶᠢ ᠴᠠᠭ ᠲᠤᠬᠠᠶ ᠳᠤᠨᠢ ᠪᠠᠶᠢᠴᠠᠭᠠᠨ ᠬᠠᠮᠠᠭᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠣᠳᠠᠲᠤ ᠪᠣᠯᠪᠠᠰᠤᠷᠠᠯ ᠤᠨ ᠰᠣᠷᠢᠯᠲᠠ ᠬᠢᠵᠦ᠂ ᠭᠠᠯ ᠤᠨ ᠪᠠᠶᠢᠳᠠᠯ ᠢ ᠰᠢᠢᠳᠪᠦᠷᠢᠯᠡᠬᠦ ᠬᠢᠷᠢ ᠲᠦᠪᠰᠢᠨ ᠪᠠ ᠪᠣᠳᠠᠲᠤ ᠪᠠᠶᠢᠯᠳᠤᠭᠠᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ ᠡᠨᠡ ᠬᠤᠭᠤᠴᠠᠭᠠᠨ ᠳᠤ᠂ ᠵᠠᠩ ᠶᠢᠩ ᠵᠢᠶᠧ ᠪᠠᠰᠠ ᠤᠮᠠᠷᠠᠲᠤ ᠶᠢᠨ ᠴᠢᠯᠠᠭᠤᠨ ᠲᠤᠰᠤᠨ ᠤ ᠠᠭᠤᠷᠬᠠᠢ ᠶᠢᠨ ᠬᠤᠶᠠᠳᠣᠭᠠᠷ ᠬᠤᠪᠢᠶᠠᠷᠢ ᠺᠣᠮᠫᠠᠨᠢ ᠶᠢᠨ ᠮᠣᠩᠭᠤᠯ ᠤᠢ ᠶᠢᠨ ᠠᠵᠢᠯᠯᠠᠬᠤ ᠲᠣᠭᠤᠷᠢᠭ ᠲᠤ ᠬᠦᠷᠴᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠪᠠ᠃
 
ᠢᠷᠡᠯᠲᠡ᠄ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号