︽ᠭᠡᠷ ᠪᠦᠯᠢ ᠶᠢᠨ ᠬᠦᠴᠦᠷᠬᠡᠭᠯᠡᠯ ᠢ ᠰᠡᠷᠡᠮᠵᠢᠯᠡᠭᠦᠯᠦᠨ ᠴᠡᠭᠡᠷᠯᠡᠭᠦᠯᠬᠦ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/3/2
     ᠣᠶᠢᠷ᠎ᠠ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠬᠠᠤᠯᠢ ᠴᠠᠭᠠᠵᠠ ᠶᠢᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠬᠠᠮᠲᠤᠷᠠᠨ ︽ᠭᠡᠷ ᠪᠦᠯᠢ ᠶᠢᠨ ᠬᠦᠴᠦᠷᠬᠡᠭᠯᠡᠯ ᠢ ᠰᠡᠷᠡᠮᠵᠢᠯᠡᠭᠦᠯᠦᠨ ᠴᠡᠭᠡᠷᠯᠡᠭᠦᠯᠬᠦ ᠳᠦᠷᠢᠮ ᠢ ᠲᠤᠤᠱᠯᠠᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ᠃ ᠰᠠᠨᠠᠯ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠡᠷ ᠪᠦᠯᠢ ᠶᠢᠨ ᠬᠦᠴᠦᠷᠬᠡᠭᠯᠡᠯ ᠭᠡᠵᠦ ᠮᠠᠭᠠᠳᠯᠠᠨ ᠲᠣᠭᠲᠠᠭᠠᠭᠰᠠᠨ ᠪᠣᠳᠠᠲᠤ ᠬᠡᠷᠡᠭ ᠤᠨ ᠦᠨᠳᠦᠰᠦᠨ ᠭᠡᠷᠡᠴᠢ ᠪᠠᠷᠢᠮᠲᠠ ᠶᠢᠨ ᠨᠥᠬᠦᠴᠡᠯ ᠳᠤ᠄ ᠬᠤᠣᠷᠯᠠᠭᠴᠢ  ᠨᠢ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠬᠤ ᠳᠤ ᠣᠨᠳᠣᠣ ᠰᠠᠨᠠᠯ ᠦᠭᠡᠢ ᠪᠣᠯ ᠬᠤᠣᠷᠯᠠᠭᠴᠢ ᠶᠢᠨ ᠲᠤᠭᠠᠴᠠᠯᠲᠠ᠂ ᠬᠤᠣᠷ ᠠᠮᠰᠠᠭᠴᠢ ᠶᠢᠨ ᠲᠤᠭᠠᠴᠠᠯᠲᠠ ᠪᠤᠶᠤ ᠭᠡᠷᠡᠴᠢᠯᠡᠭᠴᠢ ᠶᠢᠨ ᠭᠡᠷᠡᠴᠢ ᠦᠭᠡ ᠪᠠᠶᠢᠬᠤ ᠬᠡᠷᠡᠭᠲᠡᠢ︔ ᠬᠤᠣᠷᠯᠠᠭᠴᠢ  ᠨᠢ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠤᠭᠰᠠᠨ ᠢᠶᠠᠨ ᠦᠭᠡᠶᠢᠰᠬᠡᠭᠰᠡᠨ ᠪᠠᠶᠢᠪᠠᠯ᠂ ᠬᠤᠣᠷ ᠠᠮᠰᠠᠭᠴᠢ ᠶᠢᠨ ᠲᠤᠭᠠᠴᠠᠯᠲᠠ ᠪᠤᠶᠤ ᠭᠡᠷᠡᠴᠢᠯᠡᠭᠴᠢ ᠶᠢᠨ ᠭᠡᠷᠡᠴᠢ ᠦᠭᠡ ᠵᠢᠴᠢ ᠥᠭᠡᠷ᠎ᠡ ᠨᠢᠭᠡ ᠵᠦᠢᠯ ᠤᠨ ᠳᠠᠭᠠᠯᠲᠠ ᠭᠡᠷᠡᠴᠢ ᠶᠢ ᠬᠠᠩᠭᠠᠬᠤ ᠪᠠᠭᠲᠠᠨ᠎ᠠ᠃ ᠬᠠᠪᠰᠤᠷᠤᠨ ᠭᠡᠷᠡᠴᠢᠯᠡᠬᠦ ᠲᠦᠷᠦᠯ ᠬᠡᠯᠪᠡᠷᠢ ᠳᠤ᠄ ᠭᠡᠷ ᠪᠦᠯᠢ ᠶᠢᠨ ᠬᠦᠴᠦᠷᠬᠡᠭᠯᠡᠯ ᠡᠭᠦᠰᠦᠭᠰᠡᠨ ᠶᠠᠪᠤᠴᠠ ᠶᠢ ᠲᠡᠮᠳᠡᠭᠯᠡᠭᠰᠡᠨ ᠦᠵᠡᠬᠦ ᠰᠤᠨᠤᠰᠬᠤ ᠮᠠᠲ᠋ᠧᠷᠢᠶᠠᠯ᠂ ᠭᠡᠷ ᠪᠦᠯᠢ ᠶᠢᠨ ᠬᠦᠴᠦᠷᠬᠡᠭᠯᠡᠯ ᠤᠨ ᠬᠤᠯᠪᠣᠭᠳᠠᠯ ᠪᠦᠬᠦᠢ ᠳ᠋ᠢᠶᠠᠩᠬᠤᠸᠠ ᠳᠠᠭᠤ ᠰᠢᠩᠭᠡᠭᠡᠯᠲᠡ᠂ ᠣᠬᠤᠷ ᠴᠢᠮᠡᠭᠡ᠂ ᠲᠦᠷᠭᠡᠨ ᠮᠡᠳᠡᠭᠡ ᠬᠤᠯᠪᠣᠭᠠᠨ ᠤ ᠮᠡᠳᠡᠭᠡ ᠵᠠᠩᠭᠢ᠂ ᠡᠯᠧᠺᠲᠷᠣᠨ ᠰᠢᠤᠳᠠᠨ ᠤ ᠵᠦᠢᠯ ᠵᠡᠷᠭᠡ ᠡᠯᠧᠺᠲᠷᠣᠨ ᠲᠤᠭ᠎ᠠ ᠪᠠᠷᠢᠮᠲᠠ᠂ ᠲᠦᠷᠦᠯ ᠰᠠᠳᠤᠨ ᠨᠠᠶᠢᠵᠠ ᠨᠥᠬᠦᠳ᠂ ᠬᠥᠷᠰᠢ ᠵᠡᠷᠭᠡᠯᠡᠳᠡᠭᠡ ᠵᠡᠷᠭᠡ ᠭᠡᠷᠡᠴᠢᠯᠡᠭᠴᠢ ᠶᠢᠨ ᠭᠡᠷᠡᠴᠢ ᠦᠭᠡ᠂ ᠲᠤᠬᠠᠢ ᠶᠢᠨ ᠬᠥᠮᠥᠨ ᠤ ᠨᠠᠰᠤᠨ ᠳᠤ ᠬᠦᠷᠦᠭᠡᠳᠦᠢ ᠦᠷ᠎ᠡ ᠬᠡᠦᠬᠡᠳ ᠤᠨ ᠬᠢᠭᠰᠡᠨ ᠨᠠᠰᠤ ᠵᠢᠯ᠂ ᠤᠶᠤᠨ ᠤᠬᠠᠭᠠᠨ ᠲᠠᠢ ᠨᠢ ᠵᠣᠬᠢᠴᠠᠭᠰᠠᠨ ᠭᠡᠷᠡᠴᠢ ᠦᠭᠡ᠂ ᠬᠤᠣᠷᠯᠠᠭᠴᠢ ᠶᠢᠨ ᠥᠭᠭᠦᠭᠰᠡᠨ ᠭᠡᠮᠰᠢᠨ ᠤᠬᠠᠭᠠᠷᠠᠭᠰᠠᠨ ᠪᠢᠴᠢᠭ ᠪᠤᠶᠤ ᠪᠠᠲᠤᠯᠠᠭ᠎ᠠ ᠶᠢᠨ ᠪᠢᠴᠢᠭ᠂ ᠰᠢᠷᠬᠠᠲᠤᠭᠰᠠᠨ ᠪᠠᠶᠢᠳᠠᠯ ᠢ ᠬᠢᠨᠠᠨ ᠲᠣᠭᠲᠠᠭᠠᠭᠰᠠᠨ ᠰᠠᠨᠠᠯ᠂ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠭᠰᠡᠨ ᠲᠡᠮᠳᠡᠭᠯᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠣᠯᠣᠭᠰᠠᠨ ᠭᠡᠷ ᠪᠦᠯᠢ ᠶᠢᠨ ᠬᠦᠴᠦᠷᠬᠡᠭᠯᠡᠯ ᠤᠨ ᠵᠠᠭᠠᠯᠳᠤᠯᠭ᠎ᠠ᠂ ᠲᠤᠰᠬᠠᠯ ᠪᠤᠶᠤ ᠲᠤᠰᠠᠯᠠᠮᠵᠢ ᠭᠤᠶᠤᠴᠢᠯᠠᠭᠰᠠᠨ ᠲᠡᠮᠳᠡᠭᠯᠡᠯ ᠵᠡᠷᠭᠡ 8 ᠲᠦᠷᠦᠯ ᠤᠨ ᠭᠡᠷᠡᠴᠢ ᠪᠠᠷᠢᠮᠲᠠ ᠪᠠᠭᠲᠠᠨ᠎ᠠ ᠭᠡᠵᠦ ᠲᠣᠭᠲᠠᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号