ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠤᠯᠤᠰ ᠤᠨ ᠮᠠᠯ | ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠠᠴᠠ ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ | ᠡᠬᠢ ᠪᠠᠶᠠᠯᠢᠭ ᠤᠨ ᠡᠭᠦᠯᠳᠡᠷ ᠤᠨ ᠨᠡᠷᠡᠰ ᠤᠨ ᠪᠦᠷᠢᠳᠬᠡᠯ ︵2024 ᠣᠨ ᠤ ᠬᠡᠪᠯᠡᠯ︶︾ ᠢ ᠨᠡᠶᠢᠲᠡᠯᠡᠵᠦ᠂ ᠥᠪᠥᠷ | ᠮᠣᠩᠭᠤᠯ ᠠᠴᠠ ᠨᠡᠶᠢᠲᠡ 46 ᠡᠭᠦᠯᠳᠡᠷ ᠰᠣᠩᠭᠤᠭᠳᠠᠭᠰᠠᠨ ᠪᠠᠶᠢᠨ᠎ᠠ᠃ ᠡᠭᠦᠨ ᠳᠤ᠂ ᠮᠣᠩᠭᠤᠯ ᠦᠬᠡᠷ᠂ ᠠᠯᠠᠱᠠ ᠶᠢᠨ | ᠬᠤᠣᠰ ᠪᠥᠬᠦᠲᠦ ᠲᠡᠮᠡᠭᠡ ᠵᠡᠷᠭᠡ ᠣᠷᠣᠨ ᠨᠤᠲᠤᠭ ᠤᠨ 21 ᠤᠳᠤᠮᠯᠠᠯ ᠤᠨ ᠡᠬᠢ ᠪᠠᠶᠠᠯᠢᠭ᠂ ᠳᠤᠮᠳᠠᠳᠤ ᠤᠯᠤᠰ ᠤᠨ | ᠲᠠᠯ᠎ᠠ ᠨᠤᠲᠤᠭ ᠤᠨ ᠤᠯᠠᠭᠠᠨ ᠦᠬᠡᠷ᠂ ᠰᠠᠨ ᠾᠧ ᠦᠬᠡᠷ ᠵᠡᠷᠭᠡ ᠪᠣᠶᠢᠵᠢᠭᠤᠯᠤᠭᠰᠠᠨ 24 ᠡᠭᠦᠯᠳᠡᠷ ᠪᠠ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠡᠮᠨᠡᠯᠭᠡ ᠶᠢᠨ | ᠰᠤᠳᠤᠯᠭᠠᠨ ᠤ ᠭᠠᠵᠠᠷ ᠤᠨ ᠲᠠᠯ᠎ᠠ ᠨᠤᠲᠤᠭ ᠤᠨ ᠴᠠᠭᠠᠨ ᠥᠳᠥᠲᠦ ᠠᠯᠠᠰᠢᠨ ᠨᠤᠭᠤᠰᠤ ᠭᠡᠬᠦ ᠢᠵᠢ ᠪᠦᠷᠢᠳᠦᠭᠰᠡᠨ | 1 ᠤᠳᠤᠮᠯᠠᠯ ᠨᠢ ᠲᠤᠰ ᠨᠡᠷᠡᠰ ᠤᠨ ᠵᠢᠭᠰᠠᠭᠠᠯᠲᠠ ᠳᠤ ᠰᠣᠩᠭᠤᠭᠳᠠᠵᠠᠢ᠃ | ᠥᠪᠥᠷ ᠮᠣᠩᠭᠤᠯ ᠤᠨ ᠮᠠᠯ ᠵᠢᠭᠦᠷᠲᠡᠨ ᠤ ᠡᠬᠢ ᠪᠠᠶᠠᠯᠢᠭ ᠡᠯᠪᠡᠭ᠂ ᠵᠣᠬᠢᠴᠠᠬᠤ ᠴᠢᠨᠠᠷ ᠢᠶᠠᠷ ᠴᠢᠩᠭ᠎ᠠ ᠪᠠᠶᠢᠳᠠᠭ | ᠪᠣᠯᠬᠤᠷ ᠡᠲᠡᠭᠡᠷ ᠡᠭᠦᠯᠳᠡᠷ ᠪᠠ ᠤᠳᠤᠮᠯᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠪᠠ ᠠᠰᠢᠭᠯᠠᠬᠤ ᠨᠢ ᠮᠠᠯ | ᠠᠵᠤ ᠠᠬᠤᠢ ᠶᠢᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ 2021 ᠣᠨ ᠠᠴᠠ | ᠨᠠᠭᠠᠰᠢ᠂ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ | ᠪᠠᠶᠢᠴᠠᠭᠠᠯᠲᠠ ᠶᠢ ᠥᠷᠨᠢᠭᠦᠯᠦᠭᠰᠡᠨ ᠰᠠᠭᠤᠷᠢᠨ ᠳᠡᠭᠡᠷ᠎ᠡ ᠣᠷᠣᠨ ᠨᠤᠲᠤᠭ ᠤᠨ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠢ ᠭᠦᠨ ᠠᠭᠤᠳᠠᠯᠵᠤ᠂ ᠥᠪᠡᠷᠮᠢᠴᠡ ᠣᠨᠴᠠᠯᠢᠭ ᠲᠠᠢ᠂ ᠬᠤᠪᠣᠷ ᠴᠤᠬᠠᠭ᠂ ᠣᠷᠣᠨ ᠨᠤᠲᠤᠭ ᠤᠨ ᠤᠰᠠᠳᠬᠤ | ᠰᠢᠬᠠᠭᠰᠠᠨ ᠤᠳᠤᠮᠯᠠᠯ ᠤᠨ ᠡᠬᠢ ᠪᠠᠶᠠᠯᠢᠭ ᠲᠤ ᠠᠮᠢᠳᠤ ᠴᠣᠭᠴᠠ ᠶᠢᠨ ᠬᠠᠮᠠᠭᠠᠯᠠᠯᠲᠠ ᠬᠢᠵᠦ᠂ ᠤᠳᠤᠮᠯᠠᠯ ᠤᠨ | ᠮᠠᠲ᠋ᠧᠷᠢᠶᠠᠯ ᠢ ᠴᠤᠭᠯᠠᠭᠤᠯᠵᠤ ᠦᠢᠯᠡᠳᠬᠦ ᠪᠠ ᠭᠧᠨ ᠢ ᠠᠭᠤᠳᠠᠯᠵᠤ ᠬᠢᠨᠠᠨ ᠲᠣᠭᠲᠠᠭᠠᠬᠤ ᠠᠵᠢᠯ ᠢ ᠶᠡᠭᠡ ᠪᠠᠷ | ᠥᠷᠨᠢᠭᠦᠯᠵᠦ᠂ ︽ᠬᠠᠮᠠᠭᠠᠯᠠᠯᠲᠠ︾ ᠶᠢᠨ ᠪᠦᠷᠬᠦᠴᠡ ᠶᠢ ᠲᠠᠰᠤᠷᠠᠯᠲᠠ ᠦᠭᠡᠢ ᠥᠷᠭᠡᠳᠬᠡᠪᠡ᠃ | ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠤᠨ ᠨᠡᠷᠡᠰ ᠤᠨ ᠪᠦᠷᠢᠳᠬᠡᠯ | ︵2021 ᠣᠨ ᠤ ᠬᠡᠪᠯᠡᠯ︶︾ ᠲᠠᠢ ᠬᠠᠷᠢᠴᠠᠭᠤᠯᠪᠠᠯ᠂ ᠲᠣᠰ ᠤᠳᠠᠭ᠎ᠠ ᠥᠪᠥᠷ ᠮᠣᠩᠭᠤᠯ ᠠᠴᠠ ᠵᠠᠰᠠᠭᠲᠤ ᠬᠤᠨᠢ ᠭᠡᠬᠦ | ᠣᠷᠣᠨ ᠨᠤᠲᠤᠭ ᠤᠨ 1 ᠤᠳᠤᠮᠯᠠᠯ ᠤᠨ ᠡᠬᠢ ᠪᠠᠶᠠᠯᠢᠭ ᠪᠠ ᠬᠤᠸᠠ ᠰᠢ ᠦᠬᠡᠷ᠂ ᠳ᠋ᠦ᠋ ᠮᠧᠩ ᠬᠤᠨᠢ᠂ ᠬᠤᠸᠠ ᠮᠧᠩ | ᠠᠯᠠᠰᠢᠨ ᠬᠤᠨᠢ ᠵᠡᠷᠭᠡ ᠪᠣᠶᠢᠵᠢᠭᠤᠯᠤᠭᠰᠠᠨ 3 ᠡᠭᠦᠯᠳᠡᠷ ᠰᠢᠨ᠎ᠡ ᠪᠠᠷ ᠨᠡᠮᠡᠭᠳᠡᠭᠰᠡᠨ ᠪᠠᠶᠢᠨ᠎ᠠ᠃ ᠡᠨᠡ ᠨᠢ ᠥᠪᠥᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ︿ᠴᠢᠫ﹀ ᠢ ᠪᠣᠶ ᠪᠣᠯᠭᠠᠵᠤ᠂ ᠣᠲᠣ ᠦᠶ᠎ᠡ ᠶᠢᠨ ᠮᠠᠯ | ᠠᠵᠤ ᠠᠬᠤᠢ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠰᠠᠭᠤᠷᠢ ᠶᠢ ᠲᠠᠯᠪᠢᠵᠤ ᠥᠭᠭᠦᠭᠰᠡᠨ | ᠶᠤᠮ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠸᠠᠩ ᠭᠠᠩ ᠬᠡᠯᠡᠪᠡ᠃ | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠨᠢ ᠡᠭᠦᠯᠳᠡᠷ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠪᠠᠨ ᠦᠷᠭᠦᠯᠵᠢᠯᠡᠨ | ᠳᠡᠭᠡᠭᠰᠢᠯᠡᠭᠦᠯᠵᠦ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠠᠵᠤ | ᠦᠢᠯᠡᠰ ᠤᠨ ᠬᠥᠭᠵᠢᠯᠲᠡ ᠯᠦᠭᠡ ᠣᠷᠭᠠᠨᠢᠭ ᠢᠶᠠᠷ ᠵᠣᠯᠭᠠᠭᠤᠯᠬᠤ ᠪᠠᠨ ᠠᠬᠢᠭᠤᠯᠵᠤ᠂ ᠭᠤᠣᠯ ᠪᠣᠯᠬᠤ ᠮᠠᠯ ᠵᠢᠭᠦᠷᠲᠡᠨ ᠤ | ᠡᠭᠦᠯᠳᠡᠷ ᠤᠨ ᠢᠷᠡᠯᠲᠡ ᠶᠢ ᠪᠡᠶ᠎ᠡ ᠪᠠᠨ ᠳᠠᠭᠠᠭᠠᠵᠤ ᠡᠵᠡᠮᠳᠡᠵᠦ ᠳᠡᠶᠢᠯᠬᠦ ᠶᠢ ᠦᠨᠡᠨ ᠬᠦ ᠪᠠᠲᠤᠯᠠᠨ᠎ᠠ᠃ |