ᠠᠷᠠᠳ ᠲᠦᠮᠡᠨ ᠳᠤ ᠦᠢᠯᠡᠴᠢᠯᠡᠬᠦ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠲᠣᠭᠲᠠᠴᠠ ᠶᠢ ᠪᠠᠶᠢᠭᠤᠯᠤᠶ᠎ᠠ — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠪᠥᠬᠦ ᠵᠢᠯ ᠤᠨ ᠬᠠᠷᠠᠯᠲᠠ ᠶᠢ ᠪᠡᠶᠡᠯᠡᠭᠦᠯᠬᠦ ᠲᠤᠬᠠᠢ ᠰᠢᠷᠢᠰ ᠰᠢᠭᠦᠮᠵᠢ ᠲᠠᠪᠤ
ᠨᠡᠶᠢᠲᠡᠯᠡᠭᠰᠡᠨ ᠴᠠᠭ᠄
2025/3/20
     ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠦᠨᠳᠦᠰᠦᠨ ᠵᠣᠭᠰᠣᠯᠲᠠ ᠪᠠ ᠦᠷᠳᠡᠭ ᠤᠨ ᠬᠠᠨᠳᠤᠰᠢ ᠮᠥᠨ᠂ ᠮᠥᠨ ᠴᠤ ᠪᠢᠳᠡᠨ ᠤ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠵᠣᠷᠢᠯᠲᠠ ᠪᠠ ᠲᠤᠰᠤᠯᠲᠠ ᠮᠥᠨ᠃     ᠤᠯᠠᠨ ᠲᠦᠮᠡᠨ ᠳᠤ ᠨᠡᠩ ᠰᠠᠶᠢᠨ ᠦᠢᠯᠡᠴᠢᠯᠡᠵᠦ᠂ ᠤᠯᠠᠨ ᠲᠦᠮᠡᠨ ᠤ ᠵᠢᠷᠭᠠᠯᠲᠤ ᠲᠥᠷᠥᠭᠳᠡᠯ ᠢ ᠨᠡᠩ ᠴᠢᠩᠭ᠎ᠠ ᠪᠣᠯᠭᠠᠬᠤ ᠪᠠᠷ ᠴᠢᠷᠮᠠᠶᠢᠬᠤ ᠳᠤ ᠡᠩ ᠲᠡᠷᠢᠭᠦᠨ ᠳᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠨᠣᠴᠠᠲᠠᠢ ᠡᠵᠡᠮᠳᠡᠵᠦ᠂ ᠬᠦᠴᠢᠷ ᠨᠢ ᠬᠠᠮᠢᠭ᠎ᠠ ᠠᠴᠠ ᠢᠷᠡᠭᠰᠡᠨ᠂ ᠬᠦᠴᠢᠷ ᠨᠢ ᠬᠡᠳᠦᠢ ᠶᠡᠭᠡ ᠪᠠᠶᠢᠬᠤ ᠶᠢ ᠲᠣᠳᠣᠷᠬᠠᠢ ᠮᠡᠳᠡᠵᠦ᠂ ᠬᠠᠷᠠᠯᠲᠠ ᠲᠠᠢ ᠪᠠᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠵᠠᠷᠢᠮ ᠦᠢᠯᠡᠴᠢᠯᠡᠭᠡ ᠶᠢ ᠤᠯᠠᠨ ᠲᠦᠮᠡᠨ ᠬᠦᠯᠢᠶᠡᠨ ᠠᠪᠬᠤ ᠦᠭᠡᠢ ᠪᠠᠶᠢᠬᠤ ᠶᠢᠨ ᠰᠢᠯᠲᠠᠭᠠᠨ ᠨᠢ ᠭᠡᠪᠡᠯ ᠣᠨᠣᠴᠠᠲᠠᠢ ᠦᠢᠯᠡᠴᠢᠯᠡᠭᠰᠡᠨ ᠦᠭᠡᠢ ᠠᠴᠠ ᠪᠣᠯᠤᠭᠰᠠᠨ ᠶᠤᠮ᠃ ᠠᠷᠠᠳ ᠲᠦᠮᠡᠨ ᠳᠤ ᠦᠢᠯᠡᠴᠢᠯᠡᠬᠦ ᠳᠤ ︽ᠪᠤᠳᠤᠭᠰᠠᠨ ᠢᠶᠠᠷ ᠢᠶᠠᠨ︾ ᠪᠤᠯᠭᠠᠵᠤ ᠪᠣᠯᠬᠤ ᠦᠭᠡᠢ᠂ ᠡᠷᠬᠡᠪᠰᠢ ᠪᠤᠰᠤᠳ ᠤᠨ ᠡᠮᠦᠨ᠎ᠡ ᠠᠴᠠ ᠪᠣᠳᠣᠯᠬᠢᠯᠠᠵᠤ᠂ ᠰᠡᠳᠬᠢᠯ ᠢᠶᠠᠷ ᠢᠶᠠᠨ ᠶᠠᠪᠤᠯᠴᠠᠵᠤ᠂ ᠤᠯᠠᠨ ᠲᠦᠮᠡᠨ ᠳᠤ ︽ᠴᠠᠭ ᠤᠨ ᠬᠤᠷ᠎ᠠ︾᠂ ︽ᠳᠠᠭᠠᠷᠠᠭᠰᠠᠨ ᠬᠥᠮᠥᠨ ᠳᠤ ᠳᠠᠬᠤ ᠬᠦᠷᠭᠡᠬᠦ︾ ᠶᠠᠪᠤᠳᠠᠯ ᠢᠯᠡᠭᠦᠬᠡᠨ ᠬᠢᠵᠦ ᠥᠭᠬᠦ ᠬᠡᠷᠡᠭᠲᠡᠢ᠃ ᠬᠢᠵᠦ ᠳᠡᠶᠢᠯᠬᠦ ᠦᠭᠡᠢ ᠪᠣᠯ ᠶᠡᠭᠡ ᠦᠭᠡ ᠶᠠᠷᠢᠵᠤ᠂ ᠬᠡᠢ ᠬᠤᠭᠤᠰᠤᠨ ᠠᠮᠠᠯᠳᠠᠵᠤ ᠪᠣᠯᠬᠤ ᠦᠭᠡᠢ᠃ ᠠᠷᠠᠳ ᠤᠯᠠᠨ ᠳᠤ ᠠᠮᠠᠯᠳᠠᠭᠰᠠᠨ ᠶᠠᠪᠤᠳᠠᠯ ᠢ ᠡᠷᠬᠡᠪᠰᠢ ︽ᠬᠡᠯᠡᠪᠡᠯ ᠦᠭᠡ ᠭᠢᠰᠬᠢᠪᠡᠯ ᠭᠠᠵᠠᠷ︾ ᠪᠤᠯᠭᠠᠵᠤ᠂ ᠶᠠᠪᠤᠳᠠᠯ ᠪᠦᠬᠦᠨ ᠢ ᠰᠠᠶᠢᠲᠤᠷ ᠬᠢᠬᠦ ᠬᠡᠷᠡᠭᠲᠡᠢ᠃     ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠨᠢ ᠠᠳᠠᠯᠢᠬᠠᠨ ᠢᠶᠠᠷ ᠠᠷᠠᠳ ᠲᠦᠮᠡᠨ ᠳᠤ ᠦᠢᠯᠡᠴᠢᠯᠡᠵᠦ ᠪᠠᠶᠢᠭ᠎ᠠ ᠶᠠᠪᠤᠳᠠᠯ ᠶᠤᠮ᠃ ︽ᠯᠢᠦ ᠰᠢᠶᠣᠣ ᠯᠦᠡᠭ︾ ᠬᠠᠩᠵᠧᠦ ᠳᠤ ᠢᠯᠡᠷᠡᠭᠰᠡᠨ ᠨᠢ ᠲᠤᠬᠠᠢ ᠶᠢᠨ ᠭᠠᠵᠠᠷ ᠤᠨ ᠬᠢᠨ ᠤ ᠠᠵᠤ ᠠᠬᠤᠶᠢᠯᠠᠯ ᠳᠤ ᠭᠦᠢᠴᠡᠳ ᠰᠠᠶᠢᠨ ᠦᠢᠯᠡᠴᠢᠯᠡᠵᠦ ᠪᠠᠶᠢᠬᠤ᠂ ᠪᠤᠢ ᠪᠣᠯᠭᠠᠭᠰᠠᠨ ᠨᠡᠶᠢᠭᠡᠮ ᠤᠨ ᠠᠭᠤᠷ ᠠᠮᠢᠰᠬᠤᠯ ᠭᠦᠢᠴᠡᠳ ᠠᠭᠤᠵᠢᠭᠤ ᠪᠠᠶᠢᠬᠤ ᠲᠠᠢ ᠮᠠᠰᠢ ᠶᠡᠭᠡ ᠬᠤᠯᠪᠣᠭ᠎ᠠ ᠲᠠᠢ ᠶᠤᠮ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠨᠢ ᠰᠢᠨ᠎ᠡ ᠨᠢᠭᠡ ᠵᠢᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠰᠠᠶᠢᠵᠢᠷᠠᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠣᠮᠣ ᠬᠥᠰᠢᠭᠡ ᠶᠢ ᠨᠡᠭᠡᠭᠡᠪᠡ᠃ ᠭᠠᠭᠴᠠ ᠬᠦ ᠬᠠᠮᠤᠭ ᠤᠨ ᠶᠡᠭᠡ ᠦᠨᠡᠨᠴᠢ ᠰᠡᠳᠬᠢᠯ ᠢᠶᠠᠷ ᠦᠢᠯᠡᠴᠢᠯᠡᠭᠡ ᠶᠢᠨ ᠬᠤᠷᠠᠭᠰᠠᠨ᠂ ᠳᠥᠭᠦᠮᠴᠢᠯᠡᠭᠰᠡᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠣᠨᠣᠴᠠᠲᠠᠢ ᠨᠠᠶᠢᠳᠠᠪᠤᠷᠢᠵᠢᠭᠤᠯᠪᠠᠯ ᠰᠠᠶ᠋ᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ᠂ ᠦᠢᠯᠡᠰ ᠢᠶᠠᠨ ᠬᠥᠭᠵᠢᠭᠦᠯᠦᠨ ᠮᠠᠨᠳᠤᠭᠤᠯᠬᠤ ᠠᠮᠢᠵᠢᠷᠠᠯ ᠤᠨ ᠬᠦᠴᠦᠨ ᠢ ᠨᠡᠩ ᠰᠠᠶᠢᠲᠤᠷ ᠬᠥᠭᠵᠢᠭᠡᠵᠦ ᠴᠢᠳᠠᠨ᠎ᠠ᠃     ᠤᠯᠠᠨ ᠲᠦᠮᠡᠨ ᠪᠠ ᠠᠵᠤ ᠠᠬᠤᠶᠢᠯᠠᠯ ᠳᠤ ᠦᠢᠯᠡᠴᠢᠯᠡᠬᠦ ᠶᠢ ᠪᠣᠳᠠᠲᠠᠶᠢᠵᠢᠭᠤᠯᠤᠨ ᠬᠢᠵᠦ ᠳᠡᠶᠢᠯᠬᠦ ᠦᠭᠡᠢ ᠪᠠᠶᠢᠬᠤ ᠨᠢ ᠮᠠᠰᠢ ᠶᠡᠭᠡ ᠬᠡᠮᠵᠢᠶᠡᠨ ᠳᠤ ᠰᠠᠯᠠᠭ᠎ᠠ ᠮᠥᠴᠢᠷ ᠤᠨ ᠬᠤᠭᠤᠷᠣᠨᠳᠣᠬᠢ᠂ ᠨᠢᠭᠡᠴᠢ ᠶᠢᠨ ᠬᠤᠭᠤᠷᠣᠨᠳᠣᠬᠢ᠂ ᠳᠡᠭᠡᠳᠦ ᠳᠣᠣᠷᠠᠳᠤ ᠱᠠᠲᠤᠨ ᠤ ᠬᠤᠭᠤᠷᠣᠨᠳᠣᠬᠢ ᠬᠠᠷᠢᠯᠴᠠᠨ ᠦᠢᠯᠡᠴᠢᠯᠡᠬᠦ ᠤᠬᠠᠮᠰᠠᠷ ᠴᠢᠩᠭ᠎ᠠ ᠪᠢᠰᠢ ᠠᠴᠠ ᠪᠣᠯᠵᠤ᠂ ᠮᠠᠰᠢ ᠤᠯᠠᠨ ᠴᠢᠬᠤᠯᠠ ᠪᠤᠰᠤ ᠳᠣᠲᠣᠭᠠᠳᠤ ᠬᠤᠷᠣᠭᠳᠠᠯ ᠢ ᠪᠤᠢ ᠪᠣᠯᠭᠠᠭᠰᠠᠨ ᠳᠤ ᠪᠠᠶᠢᠨ᠎ᠠ᠃ ᠬᠥᠮᠥᠨ ᠳᠤ ᠲᠤᠰᠠ ᠬᠦᠷᠭᠡᠪᠡᠯ ᠰᠠᠶ᠋ᠢ ᠰᠠᠶᠢᠨ ᠰᠠᠶᠢᠬᠠᠨ ᠢ ᠬᠠᠮᠲᠤ ᠪᠠᠷ ᠡᠳ᠋ᠯᠡᠵᠦ ᠳᠡᠶᠢᠯᠦᠨ᠎ᠡ᠂ ᠬᠠᠮᠤᠭ ᠤᠨ ᠰᠠᠶᠢᠨ ᠠᠵᠢᠯ ᠤᠨ ᠬᠠᠷᠢᠴᠠᠭ᠎ᠠ ᠪᠣᠯ ᠳᠠᠷᠤᠢ ᠬᠠᠷᠢᠯᠴᠠᠨ ᠠᠮᠵᠢᠯᠲᠠ ᠪᠦᠲᠦᠮᠵᠢ ᠭᠠᠷᠭᠠᠬᠤ ᠶᠠᠪᠤᠳᠠᠯ ᠪᠣᠯᠣᠨ᠎ᠠ᠃ ᠠᠯᠢ ᠰᠠᠯᠠᠭ᠎ᠠ ᠮᠥᠴᠢᠷ ᠴᠦ ᠭᠡᠰᠡᠨ ᠦᠭᠡᠢ ᠤᠴᠢᠷ ᠶᠠᠪᠤᠳᠠᠯ ᠲᠣᠬᠢᠶᠠᠯᠳᠤᠬᠤ ᠳᠤ ᠴᠥᠮ ᠪᠦᠬᠦ ᠲᠠᠯ᠎ᠠ ᠪᠠ ᠪᠦᠬᠦᠯᠢ ᠴᠣᠭᠴᠠ ᠠᠴᠠ ᠡᠭᠦᠰᠴᠦ᠂ ᠬᠠᠷᠢᠯᠴᠠᠨ ᠠᠮᠵᠢᠯᠲᠠ ᠣᠯᠬᠤ ᠠᠴᠠ ᠪᠢᠰᠢ ᠬᠠᠷᠢᠯᠴᠠᠨ ᠬᠠᠷᠰᠢᠯᠠᠬᠤ ᠦᠭᠡᠢ᠂ ᠬᠠᠷᠢᠯᠴᠠᠨ ᠬᠠᠮᠵᠢᠯᠴᠠᠬᠤ ᠠᠴᠠ ᠪᠢᠰᠢ ᠬᠠᠷᠢᠯᠴᠠᠨ ᠬᠠᠷᠭᠤᠯᠳᠤᠬᠤ ᠦᠭᠡᠢ᠂ ᠬᠠᠷᠢᠯᠴᠠᠨ ᠬᠠᠷᠢᠭᠤᠴᠠᠬᠤ ᠠᠴᠠ ᠪᠢᠰᠢ ᠬᠠᠷᠢᠯᠴᠠᠨ ᠬᠠᠷᠢᠭᠤᠴᠠᠯᠭ᠎ᠠ ᠪᠠᠨ ᠲᠦᠯᠬᠢᠬᠦ ᠦᠭᠡᠢ ᠪᠠᠶᠢᠬᠤ ᠶᠢ ᠪᠡᠶᠡᠯᠡᠭᠦᠯᠵᠦ᠂ ᠪᠠᠶᠢᠭᠤᠯᠤᠯ ᠤᠨ ᠳᠣᠲᠣᠭᠠᠳᠤ ᠳᠠᠬᠢ ᠰᠠᠭᠠᠳ ᠦᠭᠡᠢ ᠦᠢᠯᠡᠴᠢᠯᠡᠭᠡ ᠪᠠᠷ ᠤᠯᠠᠨ ᠲᠦᠮᠡᠨ ᠪᠠ ᠠᠵᠤ ᠠᠬᠤᠶᠢᠯᠠᠯ ᠳᠤ ᠦᠢᠯᠡᠴᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃     ᠶᠢᠷᠲᠢᠨᠴᠦ ᠳᠡᠯᠡᠬᠡᠢ ᠶᠡᠭᠡ ᠠᠪᠠᠴᠤ᠂ ᠢᠷᠭᠡᠳ ᠢᠨᠦ ᠦᠨᠳᠦᠰᠦ ᠪᠤᠯᠠᠢ᠃ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠶᠠᠪᠤᠳᠠᠯ ᠢ ᠠᠷᠠᠳ ᠤᠨ ᠰᠡᠳᠬᠢᠯ ᠳᠤ ᠬᠦᠷᠲᠡᠯ᠎ᠡ ᠬᠢᠪᠡᠯ ᠥᠪᠥᠷ ᠮᠣᠩᠭᠤᠯ ᠤᠨ ᠬᠥᠭᠵᠢᠯᠲᠡ ᠶᠢᠨ ᠣᠷᠴᠢᠨ ᠨᠥᠬᠦᠴᠡᠯ ᠯᠠᠪᠲᠠᠢ ᠤᠯᠠᠮ ᠠᠴᠠ ᠤᠯᠠᠮ ᠰᠠᠶᠢᠵᠢᠷᠠᠵᠤ᠂ ᠪᠦᠬᠦ ᠨᠡᠶᠢᠭᠡᠮ ᠤᠨ ᠠᠮᠢᠵᠢᠷᠠᠯ ᠤᠨ ᠬᠦᠴᠦᠨ ᠯᠠᠪᠲᠠᠢ ᠤᠯᠠᠮ ᠠᠴᠠ ᠤᠯᠠᠮ ᠭᠦᠢᠴᠡᠳ ᠪᠣᠯᠬᠤ ᠶᠤᠮ᠃
 
ᠢᠷᠡᠯᠲᠡ᠄ ᠥᠪᠤᠷ ᠮᠤᠩᠭᠤᠯ ᠤᠨ ᠡᠲᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号