3 ᠰᠠᠷ᠎ᠠ ᠶᠢᠨ 14 ᠤ ᠡᠳᠦᠷ᠂ ᠪᠦᠭᠦ ᠤᠯᠤᠰ ᠤᠨ ᠬᠤᠶᠠᠷ ᠬᠤᠷᠠᠯ ᠳᠤ ᠣᠷᠣᠯᠴᠠᠭᠠᠳ ᠰᠠᠶ᠋ᠢᠬᠠᠨ | ᠨᠤᠲᠤᠭ ᠲᠠᠭᠠᠨ ᠪᠤᠴᠠᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠴᠢᠰᠤᠨ ᠤ ᠰᠠᠯᠠᠭᠠᠨ ᠤ ᠡᠷᠭᠢᠯᠡᠭᠴᠢ ᠰᠦᠨ | ᠶᠢᠩ ᠠᠵᠢᠯ ᠤᠨ ᠪᠠᠶᠢᠷᠢ ᠳᠠᠭᠠᠨ ᠪᠤᠴᠠᠭᠰᠠᠨ ᠤ ᠳᠠᠷᠠᠭ᠎ᠠ ᠲᠡᠷᠡ ᠳᠠᠷᠤᠢ ᠳᠤᠨᠢ ᠪᠦᠭᠦ ᠤᠯᠤᠰ ᠤᠨ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠬᠠᠮᠲᠤ ᠠᠵᠢᠯᠯᠠᠭᠰᠠᠳ ᠲᠠᠭᠠᠨ ᠳᠠᠮᠵᠢᠭᠤᠯᠵᠤ᠂ ᠬᠤᠷᠠᠯ ᠳᠤ ᠣᠷᠣᠯᠴᠠᠬᠰᠠᠨ | ᠲᠥᠷᠥᠭᠳᠡᠯ ᠢᠶᠠᠨ ᠬᠤᠪᠢᠶᠠᠯᠴᠠᠪᠠ᠃ | ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︿ᠡᠷᠡᠭᠦᠯ ᠮᠡᠨᠳᠦ ᠶᠢ ᠤᠷᠢᠳ ᠢᠶᠠᠷ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ | ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ﹀ ᠶᠢ ᠠᠬᠢᠭᠤᠯᠤᠨ᠎ᠠ ᠭᠡᠵᠦ ᠳᠤᠷᠠᠳᠴᠠᠢ᠃ ᠠᠵᠢᠯ | ᠠᠮᠢᠳᠤᠷᠠᠯ ᠤᠨ ᠳᠤᠮᠳᠠ ᠭᠡᠰᠡᠨ ᠦᠭᠡᠢ ᠪᠢᠳᠡ ᠴᠥᠮ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ | ᠴᠢᠷᠮᠠᠶᠢᠨ ᠲᠦᠭᠡᠮᠡᠯᠵᠢᠭᠦᠯᠬᠦ ᠬᠡᠷᠡᠭᠲᠡᠢ᠃ ᠣᠨᠣᠰᠢᠯᠠᠨ ᠡᠮᠨᠡᠬᠦ ᠶᠠᠪᠤᠴᠠ ᠶᠢ ᠪᠡᠶᠡᠯᠡᠭᠦᠯᠬᠦ ᠶᠢ ᠪᠣᠳᠣᠯᠬᠢᠯᠠᠬᠤ ᠪᠠᠷ ᠪᠠᠷᠠᠬᠤ | ᠦᠭᠡᠢ ᠡᠮᠴᠢᠯᠡᠭᠡᠨ ᠤ ᠦᠢᠯᠡᠴᠢᠯᠡᠭᠡ ᠪᠠᠷ ᠳᠡᠮᠵᠢᠨ ᠡᠪᠡᠳᠴᠢᠲᠡᠨ ᠢ ᠬᠡᠷᠬᠢᠨ ᠡᠪᠡᠳᠴᠢᠨ ᠡᠮᠭᠡᠭ ᠢ ᠰᠠᠶᠢᠲᠤᠷ | ᠬᠢᠵᠠᠭᠠᠷᠯᠠᠬᠤ ᠪᠠ ᠬᠠᠮᠢᠶᠠᠷᠬᠤ ᠶᠢ ᠪᠡᠶᠡᠯᠡᠭᠦᠯᠬᠦ ᠲᠤᠬᠠᠢ ᠭᠦᠨᠵᠡᠭᠡᠢ ᠪᠣᠳᠣᠯᠬᠢᠯᠠᠬᠤ ᠬᠡᠷᠡᠭᠲᠡᠢ︾᠃ ᠤᠯᠠᠭᠠᠨᠬᠠᠳᠠ | ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠴᠢᠰᠤᠨ ᠤ ᠰᠠᠯᠠᠭᠠᠨ ᠤ ᠦᠵᠡᠭᠦᠯᠭᠦ ᠬᠢᠴᠢᠶᠡᠯ ᠤᠨ ᠭᠡᠷ ᠲᠤ ᠰᠦᠨ ᠶᠢᠩ | ᠬᠠᠮᠲᠤ ᠠᠵᠢᠯᠯᠠᠭᠰᠠᠳ ᠲᠠᠢ ᠪᠠᠨ ᠬᠠᠮᠲᠤ ᠬᠦᠷᠢᠶᠡᠯᠡᠨ ᠰᠠᠭᠤᠵᠤ᠂ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ ᠪᠠᠶᠢᠯ᠎ᠠ᠃ ᠤᠯᠠᠨ ᠢᠶᠠᠷ ᠢᠶᠠᠨ ᠨᠠᠷᠢᠨ ᠬᠢᠨᠠᠮᠠᠭᠠᠢ | ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠪᠠᠶᠢᠨ ᠪᠠᠶᠢᠨ ᠣᠯᠣᠯᠲᠠ ᠲᠥᠷᠥᠭᠳᠡᠯ ᠢᠶᠠᠨ ᠰᠣᠯᠢᠯᠴᠠᠵᠤ᠂ ᠲᠤᠬᠠᠢ ᠶᠢᠨ | ᠲᠠᠯᠠᠪᠠᠢ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃ | ︽ᠰᠦᠨ ᠶᠢᠩ ᠡᠷᠭᠢᠯᠡᠭᠴᠢ ᠶᠢᠨ ᠤᠬᠠᠭᠤᠯᠤᠨ ᠲᠠᠶᠢᠯᠪᠤᠷᠢᠯᠠᠯᠲᠠ ᠨᠢ ᠬᠥᠮᠥᠰ ᠢ ᠤᠷᠮᠠᠰᠢᠭᠤᠯᠤᠨ᠎ᠠ᠃ | ᠬᠤᠶᠢᠰᠢᠳᠠ ᠶᠢᠨ ᠡᠮᠴᠢᠯᠡᠭᠡᠨ ᠤ ᠠᠵᠢᠯ ᠳᠤᠮᠳᠠ ᠪᠠᠨ ᠪᠢ ᠡᠪᠡᠳᠴᠢᠲᠡᠨ ᠤ ᠡᠷᠡᠭᠦᠯ ᠮᠡᠨᠳᠦ ᠪᠠᠷ ᠭᠤᠣᠯ ᠰᠢᠵᠢᠮ | ᠪᠤᠯᠭᠠᠵᠤ᠂ ᠡᠪᠡᠳᠴᠢᠲᠡᠨ ᠤ ᠡᠮᠨᠡᠯᠭᠡ ᠳᠤ ᠰᠠᠭᠤᠬᠤ ᠬᠤᠭᠤᠴᠠᠭᠠᠨ ᠳᠠᠬᠢ ᠡᠪᠡᠳᠴᠢᠨ ᠡᠮᠭᠡᠭ ᠢ ᠣᠨᠣᠰᠢᠯᠠᠨ ᠡᠮᠨᠡᠬᠦ | ᠦᠢᠯᠡᠴᠢᠯᠡᠭᠡ ᠶᠢ ᠰᠠᠶᠢᠲᠤᠷ ᠬᠢᠵᠦ᠂ ᠡᠪᠡᠳᠴᠢᠲᠡᠨ ᠤ ᠡᠮᠨᠡᠯᠭᠡ ᠠᠴᠠ ᠭᠠᠷᠤᠭᠰᠠᠨ ᠤ ᠳᠠᠷᠠᠭᠠᠬᠢ ᠡᠷᠡᠭᠦᠯ ᠮᠡᠨᠳᠦ ᠶᠢᠨ | ᠬᠥᠮᠦᠵᠢᠯ᠂ ᠮᠥᠷᠳᠡᠨ ᠠᠰᠠᠭᠤᠬᠤ᠂ ᠣᠨᠣᠰᠢᠯᠠᠨ ᠡᠮᠨᠡᠬᠦ ᠵᠢᠯᠣᠭᠤᠳᠤᠯᠭ᠎ᠠ ᠶᠢ ᠨᠠᠩ ᠰᠠᠶᠢᠲᠤᠷ ᠬᠢᠨ᠎ᠡ︾ ᠭᠡᠵᠦ | ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠴᠢᠰᠤᠨ ᠤ ᠰᠠᠯᠠᠭᠠᠨ ᠤ ᠨᠢᠭᠡᠳᠦᠭᠡᠷ ᠡᠪᠡᠳᠴᠢᠲᠡᠨ ᠤ | ᠲᠣᠭᠤᠷᠢᠭ ᠤᠨ ᠡᠮᠴᠢ ᠯᠢ ᠢ ᠬᠡᠯᠡᠪᠡ᠃ | 1995 ᠣᠨ ᠳᠤ ᠰᠦᠨ ᠶᠢᠩ ᠡᠮᠴᠢ ᠶᠢᠨ ᠠᠵᠢᠯ ᠤᠨ ᠭᠠᠷᠤᠭ᠎ᠠ ᠪᠠᠨ ᠠᠪᠴᠤ᠂ ᠤᠯᠠᠨ ᠵᠢᠯ ᠤᠨ ᠲᠤᠷᠰᠢ | ᠰᠢᠷᠭᠠᠭᠤ ᠬᠢᠴᠢᠶᠡᠩᠭᠦᠢ᠂ ᠯᠠᠪᠳᠠᠭᠤᠨ ᠪᠠᠲᠤᠲᠠᠢ ᠪᠠᠷ ᠠᠵᠢᠯᠯᠠᠪᠠ᠃ 2010 ᠣᠨ ᠳᠤ ᠴᠢᠰᠤᠨ ᠤ ᠰᠠᠯᠠᠭᠠᠨ ᠤ | ᠡᠷᠭᠢᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ ᠰᠦᠨ ᠶᠢᠩ ᠪᠦᠯᠭᠦᠮ ᠨᠡᠶᠢᠲᠡ ᠪᠠᠨ ᠳᠠᠭᠠᠭᠤᠯᠤᠨ ᠪᠦᠭᠦ | ᠣᠷᠣᠨ ᠳᠤ ᠡᠩ ᠲᠡᠷᠢᠭᠦᠨ ᠳᠤ ᠡᠮᠨᠡᠨ ᠵᠠᠰᠠᠬᠤ ᠴᠢᠨᠠᠷᠲᠠᠢ ᠴᠢᠰᠤᠨ ᠤ ᠪᠦᠷᠢᠯᠳᠦᠭᠦᠨ ᠢ ᠠᠷᠢᠯᠭᠠᠬᠤ᠂ ᠴᠢᠰᠤ | ᠦᠢᠯᠡᠳᠬᠦ ᠭᠤᠣᠯ ᠡᠰ ᠢ ᠴᠤᠭᠯᠠᠭᠤᠯᠬᠤ᠂ ᠲᠣᠭᠠᠯᠠᠬᠤ᠂ ᠬᠥᠯᠳᠡᠭᠡᠨ ᠬᠠᠳᠠᠭᠠᠯᠠᠬᠤ᠂ ᠳᠠᠭᠢᠨ ᠳᠤᠯᠠᠭᠠᠴᠠᠭᠤᠯᠬᠤ | ᠮᠡᠷᠭᠡᠵᠢᠯ ᠵᠢᠴᠢ ᠥᠪᠡᠷ ᠤᠨ ᠴᠢᠰᠤ ᠦᠢᠯᠡᠳᠬᠦ ᠭᠤᠣᠯ ᠡᠰ ᠢ ᠰᠢᠯᠵᠢᠭᠦᠯᠬᠦ ᠮᠡᠷᠭᠡᠵᠢᠯ ᠵᠡᠷᠭᠡ ᠶᠢ ᠥᠷᠨᠢᠭᠦᠯᠦᠭᠰᠡᠨ | ᠪᠥᠭᠡᠳ ᠳᠡᠯᠭᠡᠷᠡᠭᠦᠯᠵᠦ᠂ ᠠᠷᠠᠳ ᠣᠯᠠᠨ ᠤ ᠭᠡᠷ ᠤᠨ ᠢᠶᠠᠨ ᠡᠭᠦᠳᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ | ᠭᠦᠷᠲᠡᠭᠦ ᠶᠢ ᠪᠡᠶᠡᠯᠡᠭᠦᠯᠪᠡ᠃ | ᠠᠷᠠᠳ ᠣᠯᠠᠨ ᠤ ᠡᠷᠡᠭᠦᠯ ᠮᠡᠨᠳᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠨ ᠶᠢᠩ ᠠᠷᠠᠳ ᠣᠯᠠᠨ ᠤ | ᠬᠦᠰᠡᠯ ᠱᠠᠭᠠᠷᠳᠠᠯᠭ᠎ᠠ ᠶᠢ ᠴᠤᠭᠯᠠᠭᠤᠯᠤᠨ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠭᠰᠡᠭᠡᠷ ᠢᠷᠡᠵᠡᠶ᠃ ᠡᠨᠡ ᠵᠢᠯ ᠰᠦᠨ | ᠶᠢᠩ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ︽ᠴᠢᠰᠤ ᠬᠠᠳᠠᠭᠠᠯᠠᠬᠤ ᠮᠠᠶ᠋ᠢᠭ ᠤᠨ ᠥᠪᠡᠷ ᠤᠨ | ᠪᠡᠶ᠎ᠡ ᠶᠢᠨ ᠴᠢᠰᠤ ᠶᠡᠭᠦᠯᠡᠬᠦ ᠮᠡᠷᠭᠡᠵᠢᠯ ᠢ ᠳᠡᠯᠭᠡᠷᠡᠭᠦᠯᠵᠦ᠂ ᠴᠢᠰᠤᠨ ᠤ ᠡᠬᠢ ᠪᠠᠶᠠᠯᠢᠭ ᠢ ᠵᠦᠢ ᠵᠣᠬᠢᠰᠲᠠᠢ | ᠠᠰᠢᠭᠯᠠᠬᠤ ᠶᠢ ᠳᠡᠭᠡᠭᠰᠢᠯᠡᠭᠦᠯᠭᠦ︾᠂ ︽ᠮᠠᠨ ᠤ ᠤᠯᠤᠰ ᠤᠨ ᠤᠮᠠᠷᠠᠲᠤ ᠶᠢᠨ ᠬᠠᠷᠰᠢᠮᠠᠲᠠᠭᠠᠢ ᠠᠮᠢᠰᠬᠤᠯ ᠤᠨ | ᠰᠢᠰᠲ᠋ᠧᠮ ᠤᠨ ᠡᠪᠡᠳᠴᠢᠨ ᠡᠮᠭᠡᠭ ᠢ ᠭᠤᠣᠯᠳᠠᠯᠭ᠎ᠠ ᠲᠠᠢ ᠠᠩᠬᠠᠷᠬᠤ ᠪᠠ ᠢᠳᠡᠪᠬᠢᠲᠡᠢ ᠰᠡᠷᠭᠡᠶᠢᠯᠡᠨ ᠵᠠᠰᠠᠬᠤ | ᠬᠠᠮᠢᠶᠠᠷᠤᠯᠲᠠ ᠶᠢ ᠴᠢᠩᠭᠠᠳᠬᠠᠬᠤ︾ ᠰᠠᠨᠠᠭᠤᠯᠭ᠎ᠠ ᠳᠤᠷᠠᠳᠴᠤ᠂ ᠠᠷᠠᠳ ᠣᠯᠠᠨ ᠤ ᠡᠷᠡᠭᠦᠯ ᠮᠡᠨᠳᠦ ᠪᠠ ᠡᠪᠡᠳᠴᠢᠨ | ᠦᠵᠡᠭᠦᠯᠭᠦ ᠬᠡᠷᠡᠭᠴᠡᠭᠡ ᠱᠠᠭᠠᠷᠳᠠᠯᠭ᠎ᠠ ᠶᠢ ᠤᠷᠮᠠᠰᠢᠭᠤᠯᠤᠨ ᠤᠷᠢᠶᠠᠯᠠᠪᠠ᠃ | ︽ᠡᠮᠴᠢ ᠬᠥᠮᠥᠨ ᠤ ᠡᠨᠡᠷᠢᠩᠭᠦᠢ ᠰᠡᠳᠬᠢᠯ︾ ᠰᠦᠨ ᠶᠢᠩ ᠤᠨ ᠰᠡᠳᠬᠢᠯ ᠳᠤ ᠪᠠᠲᠤ ᠬᠠᠳᠠᠩᠰᠢᠵᠠᠢ᠃ | ︽ᠬᠤᠶᠢᠰᠢᠳᠠ ᠶᠢᠨ ᠠᠵᠢᠯ ᠳᠤᠮᠳᠠ ᠪᠠᠨ ᠪᠢ ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠪᠠ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠭᠦ ᠶᠢᠨ ᠬᠠᠮᠲᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠠᠵᠢᠯ ᠢ ᠰᠠᠶᠢᠲᠤᠷ ᠬᠢᠵᠦ᠂ ᠡᠪᠡᠳᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠡᠷᠡᠭᠦᠯ ᠮᠡᠨᠳᠦ ᠶᠢᠨ | ᠦᠵᠡᠯᠲᠡ ᠲᠠᠢ ᠪᠣᠯᠭᠠᠨ᠎ᠠ᠃ ᠡᠭᠦᠨ ᠠᠴᠠ ᠭᠠᠳᠠᠨ᠎ᠠ ᠪᠢ ᠪᠠᠰᠠ ᠰᠦᠯᠵᠢᠶᠡᠨ ᠳᠡᠭᠡᠷᠡᠬᠢ ᠡᠮᠴᠢᠯᠡᠭᠡ᠂ ᠡᠷᠳᠡᠮ | ᠰᠢᠨᠵᠢᠯᠡᠭᠡᠨ ᠤ ᠲᠠᠶᠢᠯᠤᠮᠵᠢ ᠵᠡᠷᠭᠡ ᠣᠯᠠᠨ ᠵᠦᠢᠯ ᠤᠨ ᠭᠡᠯᠪᠡᠷᠢ ᠶᠢ ᠭᠦᠢᠴᠡᠳ ᠠᠰᠢᠭᠯᠠᠨ᠂ ᠦᠨᠳᠦᠰᠦᠨ ᠱᠠᠲᠤᠨ ᠤ | ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ | ᠮᠡᠨᠳᠦ ᠳᠤ ᠨᠠᠩ ᠰᠠᠶᠢᠨ ᠦᠢᠯᠡᠴᠢᠯᠡᠨ᠎ᠡ︾ ᠭᠡᠵᠦ ᠰᠦᠨ ᠶᠢᠩ ᠬᠡᠯᠡᠪᠡ᠃ | |