ᠪᠥᠬᠦ ᠠᠶᠢᠮᠠᠭ ᠤᠨ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/20
     ᠣᠷᠴᠢᠮ᠂ ᠪᠥᠬᠦ ᠠᠶᠢᠮᠠᠭ ᠤᠨ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠰᠢᠯᠢ ᠶᠢᠨ ᠬᠤᠲᠠ ᠳᠤ ᠬᠤᠷᠠᠯᠳᠤᠵᠤ᠂ ᠬᠤᠷᠠᠯ ᠢᠶᠠᠷ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ  ᠭᠡᠰᠢᠭᠦᠨ᠂ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠵᠠᠩ ᠰᠢᠶᠣᠣ ᠵᠢᠶᠦ᠋ᠨ ᠬᠤᠷᠠᠯ  ᠳᠤ ᠤᠷᠤᠯᠴᠠᠭᠰᠠᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠤᠨᠲ ᠤᠨ ᠬᠡᠯᠲᠡᠰ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ᠂ ᠪᠥᠬᠦ ᠣᠷᠣᠨ ᠤ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠤᠨᠲ ᠤᠨ ᠬᠡᠯᠲᠡᠰ ᠤᠨ ᠠᠵᠢᠯ ᠤᠨ ᠪᠠᠶᠢᠳᠠᠯ ᠡᠭᠦᠷᠭᠡ ᠶᠢ ᠤᠨᠤᠪᠴᠢᠲᠠᠢ ᠡᠵᠡᠮᠰᠢᠵᠦ᠂ ︽ᠨᠢᠭᠡ ᠭᠤᠣᠯ ᠰᠢᠵᠢᠮ︾  ᠢ ᠲᠤᠭᠤᠰᠢᠯᠠᠭᠤᠯᠵᠤ᠂ ︽ᠭᠤᠷᠪᠠᠨ ᠪᠠᠷᠢᠮᠲᠠᠯᠠᠯ︾  ᠢ ᠴᠢᠩᠭᠠᠷᠠᠭᠤᠯᠵᠤ᠂ ︽ᠲᠥᠷᠪᠡᠨ ᠭᠤᠣᠯᠳᠠᠯᠭ᠎ᠠ︾ ᠳᠤ ᠲᠥᠪᠯᠡᠷᠡᠭᠦᠯᠵᠦ᠂ ︽ᠲᠠᠪᠤᠨ ᠬᠦᠴᠦᠯᠡᠴᠡ︾ ᠶᠢ ᠠᠬᠢᠭᠤᠯᠵᠤ᠂ ︽ᠲᠥᠷᠪᠡᠨ ᠰᠡᠳᠬᠢᠯ ᠤᠨ ᠢᠨᠵᠧᠨᠧᠷᠢᠩ︾  ᠤᠨ ᠬᠡᠷᠡᠭᠵᠢᠭᠦᠯᠦᠯᠲᠡ ᠪᠠᠷ ᠬᠥᠲᠥᠯᠪᠦᠷᠢ ᠪᠤᠯᠭᠠᠵᠥ᠂ ︽ᠲᠠᠪᠤᠨ ᠴᠢᠳᠠᠪᠤᠷᠢ︾ ᠶᠢ ᠲᠡᠭᠡᠭᠰᠢᠯᠡᠬᠦᠯᠬᠦ ᠪᠠᠷ ᠵᠠᠩᠭᠢᠯᠠᠭ᠎ᠠ ᠪᠤᠯᠭᠠᠵᠥ᠂ ᠨᠢᠭᠡᠳᠦᠮᠡᠯ ᠹᠷᠤᠨᠲ ᠤᠨ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠲᠥᠪᠯᠡᠷᠡᠭᠦᠯᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾  ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠣᠯᠣᠨ ᠣᠳᠣᠬᠢᠴᠢᠯᠠᠭᠰᠠᠨ ᠰᠢᠯᠢ ᠶᠢᠨ ᠭᠤᠣᠯ ᠤᠨ ᠪᠦᠲᠦᠭᠡᠨ ᠪᠠᠶᠢᠭᠤᠯᠤᠯᠲᠠ ᠳᠤ ᠨᠢᠭᠡᠳᠦᠮᠡᠯ ᠹᠷᠤᠨᠲ ᠤᠨ ᠬᠦᠴᠦᠨ ᠴᠢᠳᠠᠯ ᠢ ᠡᠷᠭᠦᠬᠦ ᠬᠡᠷᠡᠭᠲᠡᠢ ᠭᠡᠪᠡ᠃     ᠬᠤᠷᠠᠯ ᠳᠡᠭᠡᠷ᠎ᠡ᠂ ᠰᠥᠨᠢᠳ ᠵᠡᠭᠦᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠲᠠᠶᠢᠹᠤᠰᠧ ᠬᠤᠰᠢᠭᠤ᠂ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠡᠶᠢᠲᠡᠯᠢᠭ ᠲᠤᠷᠰᠢᠯᠭ᠎ᠠ ᠰᠣᠯᠢᠯᠴᠠᠬᠤ ᠶᠠᠷᠢᠶ᠎ᠠ ᠲᠠᠯᠪᠢᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号