ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠲᠡᠦᠬᠡᠨ ᠳᠡᠭᠡᠷ᠎ᠡ ᠠᠩᠬ᠎ᠠ | ᠤᠳᠠᠭ᠎ᠠ ᠲᠤᠰᠬᠠᠢ ᠠᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ ᠳᠣᠲᠣᠭᠠᠳᠤ ᠶᠢᠨ ᠲᠤᠰᠬᠠᠢ ᠬᠠᠤᠯᠢ | ᠲᠣᠭᠲᠠᠭᠠᠯ ᠢ ᠲᠣᠭᠲᠠᠭᠠᠪᠠ᠃ ᠶᠡᠷᠦᠩᠬᠡᠢ ᠱᠦᠵᠢ ᠰᠢ ᠶᠢᠨ ᠫᠢᠩ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠨ ᠲᠣᠭᠤᠷᠢᠨ ᠳᠤ ᠠᠯᠢ ᠤᠯᠠᠨ ᠴᠢᠬᠤᠯᠠ ᠥᠭᠦᠯᠡᠯᠲᠡ | ᠨᠡᠶᠢᠲᠡᠯᠡᠵᠦ᠂ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶᠠᠨ ᠳᠠᠭᠠᠨ ᠬᠡᠯᠪᠡᠷᠢᠴᠢ ᠦᠵᠡᠯ ᠢ ᠡᠰᠡᠷᠭᠦᠴᠡᠬᠦ ᠪᠠ | ᠢᠯᠠᠨ ᠳᠠᠪᠠᠭᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ | ᠬᠥᠩᠭᠡᠷᠡᠭᠦᠯᠬᠦ ᠬᠡᠷᠡᠭᠲᠡᠢ ᠭᠡᠵᠦ ᠣᠯᠠᠨᠲᠠ ᠵᠠᠬᠢᠪᠠ᠃ ᠥᠪᠥᠷ ᠮᠣᠩᠭᠤᠯ ᠤᠨ ᠬᠢᠨ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ ᠠᠰᠠᠭᠤᠳᠠᠯ ᠢ | ᠰᠠᠶᠢᠵᠢᠷᠠᠭᠤᠯᠵᠤ᠂ ᠶᠣᠰᠣ ᠳᠦᠷᠢᠮ ᠲᠣᠭᠲᠠᠭᠠᠵᠤ᠂ ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠣᠯᠭᠤᠬᠤ᠂ | ᠬᠦᠴᠢᠷᠳᠡᠯ ᠢ ᠰᠢᠢᠳᠪᠦᠷᠢᠯᠡᠬᠦ᠂ ᠠᠬᠢᠭᠤᠯᠬᠤ︾ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠢᠳᠡᠪᠬᠢᠲᠡᠢ | ᠦᠷ᠎ᠡ ᠪᠦᠲᠦᠮᠵᠢ ᠣᠯᠪᠠ᠃ | ᠳᠠᠷᠤᠭᠠᠰᠤ ᠶᠢ ᠬᠥᠩᠭᠡᠷᠡᠭᠦᠯᠬᠦ — ᠦᠨᠳᠦᠰᠦᠨ ᠱᠠᠲᠤᠨ ᠤ ᠢᠯᠡᠭᠦᠴᠡ ᠡᠭᠦᠷᠭᠡᠯᠡᠵᠦ ᠪᠠᠶᠢᠭᠰᠠᠨ ︽ᠲᠡᠭᠡᠭᠡᠷ᠎ᠡ︾ | ᠶᠢ ᠠᠪᠴᠤ ᠬᠠᠶᠠᠪᠠ | ᠶᠡᠷᠦᠩᠬᠡᠢ ᠱᠦᠵᠢ ᠰᠢ ᠶᠢᠨ ᠫᠢᠩ᠂ ︽ᠬᠡᠯᠪᠡᠷᠢᠴᠢ ᠦᠵᠡᠯ ᠤᠨ ᠮᠥᠨ ᠴᠢᠨᠠᠷ ᠪᠣᠯ ᠪᠡᠶᠡᠴᠢ ᠦᠵᠡᠯ᠂ ᠠᠰᠢᠭ | ᠬᠠᠷᠠᠬᠤ ᠦᠵᠡᠯ ᠮᠥᠨ︾ ᠭᠡᠵᠦ ᠵᠢᠭᠠᠵᠤ ᠭᠠᠷᠭᠠᠪᠠ᠃ ᠬᠡᠯᠪᠡᠷᠢᠴᠢ ᠦᠵᠡᠯ ᠨᠢ ᠦᠨᠳᠦᠰᠦᠨ ᠱᠠᠲᠤᠨ ᠳᠤ ᠢᠯᠡᠷᠡᠵᠦ | ᠪᠠᠶᠢᠪᠠᠴᠤ ᠦᠨᠳᠦᠰᠦ ᠰᠤᠷᠪᠤᠯᠵᠢ ᠨᠢ ᠳᠡᠭᠡᠷ᠎ᠡ ᠱᠠᠲᠤᠨ ᠳᠤ ᠪᠠᠶᠢᠨ᠎ᠠ᠃ ᠥᠪᠥᠷ ᠮᠣᠩᠭᠤᠯ ᠤᠨ ᠬᠢᠨ ᠡᠪᠡᠳᠴᠢᠨ | ᠬᠠᠮᠢᠭ᠎ᠠ ᠠᠴᠠ ᠡᠭᠦᠰᠦᠭᠰᠡᠨ ᠪᠣᠯ ᠬᠠᠮᠢᠭ᠎ᠠ ᠠᠴᠠ ᠡᠬᠢᠯᠡᠵᠦ ᠡᠮᠨᠡᠬᠦ ᠶᠢ ᠪᠠᠷᠢᠮᠲᠠᠯᠠᠵᠤ᠂ ᠳᠡᠭᠡᠷ᠎ᠡ ᠠᠴᠠ ᠳᠣᠷᠣᠭᠰᠢ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠬᠦ᠂ ᠠᠵᠢᠯ ᠢ ᠠᠬᠢᠭᠤᠯᠬᠤ᠂ ᠡᠭᠦᠷᠭᠡ ᠶᠢ ᠬᠠᠮᠢᠶᠠᠷᠬᠤ ᠵᠡᠷᠭᠡ | ᠭᠤᠭᠴᠤᠭ᠎ᠠ ᠶᠢ ᠠᠳᠬᠤᠵᠤ᠂ ᠶᠠᠷᠰᠢᠭ ᠲᠦᠪᠡᠭ ᠢ ᠠᠷᠢᠯᠭᠠᠨ ᠲᠥᠭᠦᠮ ᠪᠤᠯᠭᠠᠬᠤ ᠳᠡᠭᠡᠷ᠎ᠡ ᠬᠦᠴᠦ ᠲᠠᠯᠪᠢᠵᠤ᠂ | ᠬᠡᠯᠪᠡᠷᠢᠴᠢ ᠦᠵᠡᠯ ᠤᠨ ᠦᠨᠳᠦᠰᠦᠨ ᠱᠠᠲᠤᠨ ᠳᠤ ᠦᠵᠡᠭᠦᠯᠵᠦ ᠪᠠᠶᠢᠭ᠎ᠠ ᠬᠦᠯᠢᠶᠡᠰᠦᠯᠡᠯ ᠢ ᠬᠦᠴᠦᠯᠡᠨ ᠠᠷᠢᠯᠭᠠᠪᠠ᠃ | ᠦᠨᠳᠦᠰᠦᠨ ᠱᠠᠲᠤ ᠤᠷᠤᠭᠤ ᠳᠠᠷᠤᠵᠤ ᠢᠷᠡᠬᠦ ︽ᠲᠣᠮᠣ ᠠᠭᠤᠯᠠ︾ ᠶᠢ ᠨᠡᠭᠦᠯᠭᠡᠪᠡ᠃ ᠥᠷᠭᠡᠨ ᠣᠯᠠᠨ | ᠦᠨᠳᠦᠰᠦᠨ ᠱᠠᠲᠤᠨ ᠤ ᠺᠠᠳ᠋ᠷ ᠪᠢᠴᠢᠭ ᠮᠠᠲ᠋ᠧᠷᠢᠶᠠᠯ ᠬᠤᠷᠠᠯ ᠬᠤᠢ ᠣᠯᠠᠳᠠᠬᠤ᠂ ᠭᠡᠳᠦ ᠶᠡᠭᠡ ᠪᠠᠷ ᠣᠷᠣᠮ ᠦᠯᠡᠳᠡᠭᠡᠬᠦ᠂ | ᠡᠬᠡ ᠲᠠᠩᠰᠠ ᠣᠯᠠᠰᠢᠷᠠᠬᠤ᠂ ᠤᠭᠲᠤᠨ ᠠᠪᠴᠤ ᠦᠳᠡᠨ ᠮᠣᠷᠳᠠᠭᠤᠯᠬᠤ᠂ ᠳᠠᠭᠢᠨ ᠳᠠᠪᠲᠠᠨ ᠬᠦᠰᠦᠨᠦᠭᠲᠦ ᠲᠠᠭᠯᠠᠵᠤ | ᠲᠤᠭ᠎ᠠ ᠪᠠᠷᠢᠮᠲᠠ ᠮᠡᠳᠡᠭᠦᠯᠬᠦ ᠵᠡᠷᠭᠡ ᠠᠰᠠᠭᠤᠳᠠᠯ ᠤᠨ ᠲᠤᠬᠠᠢ ᠲᠤᠰᠬᠠᠯ ᠴᠢᠩᠭ᠎ᠠ ᠪᠠᠶᠢᠪᠠ᠃ ᠥᠪᠥᠷ ᠮᠣᠩᠭᠤᠯ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠡᠩ ᠲᠡᠷᠢᠭᠦᠨ ᠳᠤ ᠡᠲᠡᠭᠡᠷ ᠠᠰᠠᠭᠤᠳᠠᠯ ᠠᠴᠠ ᠭᠠᠷᠳᠠᠵᠤ | ᠴᠡᠭᠴᠡᠯᠡᠨ ᠵᠠᠰᠠᠪᠠ᠃ ᠥᠩᠭᠡᠷᠡᠭᠰᠡᠨ ᠳᠤ ᠵᠠᠷᠢᠮ ᠬᠤᠰᠢᠭᠤ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠨᠢᠭᠡ | ᠵᠢᠯ ᠳᠤ 3000 ᠭᠠᠷᠤᠢ ᠬᠤᠪᠢ ᠪᠢᠴᠢᠭ ᠮᠠᠲ᠋ᠧᠷᠢᠶᠠᠯ ᠭᠥᠯᠢᠶᠡᠨ ᠠᠪᠴᠤ᠂ ᠬᠤᠰᠢᠭᠤ ᠰᠢᠶᠠᠨ ᠤ ᠱᠠᠲᠤ ᠨᠢᠭᠡ | ᠤᠯᠠᠷᠢᠯ ᠳᠤ 170 ᠭᠠᠷᠤᠢ ᠤᠳᠠᠭ᠎ᠠ ᠬᠤᠷᠠᠯ ᠬᠤᠷᠠᠯᠳᠤᠭᠤᠯᠵᠤ᠂ ᠵᠠᠷᠢᠮ ᠰᠤᠮᠤ ᠰᠢᠶᠠᠩ ᠪᠠᠯᠭᠠᠰᠤ ᠵᠡᠭᠡᠯᠢ | ᠭᠤᠳᠤᠮᠵᠢ 500 ᠭᠠᠷᠤᠢ ᠵᠦᠢᠯ ᠤᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠬᠦ ᠴᠢᠬᠤᠯᠠᠲᠠᠢ ᠪᠠᠶᠢᠵᠤ᠂ | ᠵᠠᠰᠠᠭ ᠤᠨ ᠶᠠᠪᠤᠳᠠᠯ ᠤᠨ ᠲᠤᠬᠠᠢ 50 ᠭᠠᠷᠤᠢ APP ᠶᠢ ᠠᠷᠭᠠᠴᠠᠭᠠᠬᠤ ᠴᠢᠬᠤᠯᠠᠲᠠᠢ ᠪᠠᠶᠢᠵᠤ᠂ ᠵᠠᠷᠢᠮ ᠭᠠᠴᠠᠭ᠎ᠠ | ᠲᠣᠰᠬᠤᠨ ᠨᠡᠶᠢᠭᠡᠮ ᠲᠣᠭᠤᠷᠢᠭ ᠨᠢ ᠲᠣᠮᠣ ᠪᠢᠰᠢ ᠪᠤᠯᠪᠠᠴᠤ 40 ᠭᠠᠷᠤᠢ ᠫᠠᠶᠢᠰᠠ ᠡᠯᠭᠦᠵᠦ᠂ ᠡᠳᠦᠷ ᠲᠤᠲᠤᠮ 30 | ᠭᠠᠷᠤᠢ ᠢᠵᠢ ᠬᠦᠰᠦᠨᠦᠭᠲᠦ ᠪᠠ ᠡᠬᠡ ᠲᠠᠩᠰᠠ ᠶᠢ ᠲᠠᠭᠯᠠᠨ ᠮᠡᠳᠡᠭᠦᠯᠬᠦ ᠴᠢᠬᠤᠯᠠᠲᠠᠢ ᠪᠠᠶᠢᠵᠤ᠂ ᠦᠨᠳᠦᠰᠦᠨ | ᠱᠠᠲᠤᠨ ᠤ ᠺᠠᠳ᠋ᠷᠴᠤᠳ ᠤᠨ ᠠᠵᠢᠯ ᠤᠨ ᠵᠢᠷᠭᠢᠶ᠎ᠡ ᠶᠢᠨ ᠴᠤᠭᠯᠠᠷᠠᠯ ᠨᠢ ᠠᠷᠪᠠᠨ ᠭᠡᠲᠦ ᠴᠢᠨᠠᠭᠰᠢᠯᠠᠪᠠᠯ ᠬᠡᠳᠦᠨ ᠠᠷᠪᠠ | ᠪᠠᠶᠢᠵᠤ᠂ ᠦᠨᠳᠦᠰᠦᠨ ᠱᠠᠲᠤᠨ ᠤ ᠬᠢᠨ ᠣᠷᠳᠣ ᠬᠤᠭᠤᠴᠠᠭ᠎ᠠ ᠪᠠᠷ ︽ᠳᠠᠭᠠᠭᠠᠴᠠ ᠠᠴᠠ ᠬᠡᠲᠦᠷᠡᠭᠰᠡᠨ︾ ᠪᠠᠶᠢᠳᠠᠯ ᠳᠤ | ᠣᠷᠣᠰᠢᠵᠤ ᠪᠠᠶᠢᠪᠠ᠃ ᠡᠶᠢᠮᠦᠷᠬᠦᠦ ᠪᠠᠶᠢᠳᠠᠯ ᠳᠤ ᠴᠢᠭᠯᠡᠭᠦᠯᠦᠨ ᠥᠪᠥᠷ ᠮᠣᠩᠭᠤᠯ ᠲᠤᠰᠬᠠᠢ ᠴᠡᠭᠴᠡᠯᠡᠨ ᠵᠠᠰᠠᠬᠤ | ᠠᠵᠢᠯ ᠢ ᠭᠦᠨᠵᠡᠭᠡᠢ ᠥᠷᠨᠢᠭᠦᠯᠵᠦ᠂ ᠳᠦᠷᠢᠮ ᠲᠣᠭᠲᠠᠭᠠᠯ ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ 2023 | ᠣᠨ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠶᠢ ᠬᠠᠭᠠᠰ ᠠᠴᠠ ᠳᠡᠭᠡᠭᠰᠢ ᠴᠣᠮᠬᠠᠳᠬᠠᠵᠤ᠂ ᠡᠬᠡ ᠲᠠᠩᠰᠠ ᠶᠢ 3/4 ᠰᠢᠬᠠᠮ ᠢᠯᠭᠠᠷᠠᠭᠤᠯᠤᠨ | ᠴᠡᠭᠴᠡᠯᠡᠵᠦ᠂ ᠬᠤᠰᠢᠭᠤ ᠰᠢᠶᠠᠨ ᠭᠦᠷᠲᠡᠯ᠎ᠠ ᠬᠢᠵᠦ ᠪᠠᠶᠢᠭᠰᠠᠨ ᠬᠤᠷᠠᠯ ᠢ 48.4% ᠪᠠᠷ ᠪᠠᠭᠠᠰᠬᠠᠪᠠ︔ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ︵ᠬᠤᠲᠠ ᠲᠣᠭᠤᠷᠢᠭ︶ ᠤ ᠬᠢᠨᠠᠨ ᠰᠢᠯᠭᠠᠬᠤ ᠭᠦᠢᠴᠡᠳᠬᠡᠯ | ᠲᠤᠭ᠎ᠠ ᠶᠢ ᠲᠣᠰ ᠲᠣᠰ 20%᠂ 40%᠂ 55% ᠪᠠᠷ ᠪᠠᠭᠠᠰᠬᠠᠵᠤ᠂ ᠣᠳᠣᠬᠠᠨ ᠳᠤ ᠶᠠᠭ ᠲᠥᠪ ᠤᠨ | ᠱᠠᠭᠠᠷᠳᠠᠯᠭ᠎ᠠ ᠶᠣᠰᠣᠭᠠᠷ ᠤᠯᠠᠮ ᠨᠢᠭᠡ ᠠᠯᠬᠤᠮ ᠰᠢᠯᠢᠳᠡᠭᠵᠢᠭᠦᠯᠦᠨ ᠴᠣᠮᠬᠠᠳᠬᠠᠵᠤ ᠪᠠᠶᠢᠨ᠎ᠠ︔ ᠦᠨᠳᠦᠰᠦᠨ | ᠱᠠᠲᠤᠨ ᠤ ᠲᠠᠭᠯᠠᠨ ᠮᠡᠳᠡᠭᠦᠯᠬᠦ ᠬᠦᠰᠦᠨᠦᠭᠲᠦ ᠶᠢ 80% ᠰᠢᠬᠠᠮ ᠪᠠᠭᠠᠰᠬᠠᠵᠤ᠂ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠠᠵᠢᠯ ᠶᠠᠪᠤᠳᠠᠯ ᠤᠤᠯ ᠤᠨ ᠬᠢ ᠠᠴᠠ ᠬᠠᠭᠠᠰ ᠢᠯᠡᠭᠦᠦ ᠪᠠᠭᠠᠰᠴᠤ᠂ ᠭᠠᠳᠠᠨ᠎ᠠ ᠡᠯᠭᠦᠬᠦ ᠫᠠᠶᠢᠰᠠ | ᠲᠡᠮᠳᠡᠭ ᠢ 6 ᠪᠣᠯᠭᠠᠨ ᠪᠠᠭᠠᠰᠬᠠᠵᠤ᠂ ᠦᠨᠳᠦᠰᠦᠨ ᠱᠠᠲᠤᠨ ᠤ ᠺᠠᠳ᠋ᠷᠴᠤᠳ ᠤᠨ ᠭᠠᠷ ᠬᠥᠯ ᠢ ᠶᠡᠭᠡ ᠪᠠᠷ ᠴᠢᠯᠦᠭᠡᠯᠡᠵᠦ᠂ | ᠲᠡᠳᠡᠨ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠰᠢᠪᠬᠠᠨ ᠠᠵᠢᠯ ᠢ ᠨᠠᠶᠢᠳᠠᠪᠤᠷᠢᠵᠢᠭᠤᠯᠵᠤ᠂ ᠤᠯᠠᠨ | ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠪᠣᠯᠭᠠᠪᠠ᠃ ᠤᠤᠯ ᠳᠠᠭᠠᠨ ᠵᠠᠷᠢᠮ ᠬᠤᠰᠢᠭᠤ ᠰᠢᠶᠠᠨ ᠳᠤ ︽ᠬᠤᠶᠠᠷ | ᠡᠳᠦᠷ ᠲᠤ ᠨᠢᠭᠡ ᠤᠳᠠᠭ᠎ᠠ ᠱᠠᠯᠠᠪᠳᠠᠭᠤᠯᠤᠨ ᠵᠢᠯᠤᠭᠤᠳᠬᠤ ᠬᠥᠮᠥᠰ ᠢᠷᠡᠵᠤ᠂ ᠭᠤᠷᠪᠠᠨ ᠡᠳᠦᠷ ᠲᠤ ᠨᠢᠭᠡ ᠤᠳᠠᠭ᠎ᠠ | ᠪᠠᠶᠢᠴᠠᠭᠠᠨ ᠰᠤᠳᠤᠯᠬᠤ ᠬᠥᠮᠥᠰ ᠢᠷᠡᠵᠤ︾ ᠪᠠᠶᠢᠪᠠ᠃ ᠣᠨᠴᠠ ᠵᠠᠷᠢᠮ ᠲᠣᠰᠬᠤᠨ ᠤ ᠬᠢᠨ ᠨᠢᠭᠡ ᠵᠢᠯ ᠳᠤ 200 | ᠭᠠᠷᠤᠢ ᠪᠦᠯᠦᠭ 4000 ᠭᠠᠷᠤᠢ ᠬᠥᠮᠥᠨ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠ ᠰᠢᠨᠵᠢᠯᠡᠨ | ᠪᠠᠶᠢᠴᠠᠭᠠᠯᠲᠠ ᠶᠢ ᠭᠥᠯᠢᠶᠡᠨ ᠠᠪᠴᠤ᠂ ᠦᠨᠳᠦᠰᠦᠨ ᠱᠠᠲᠤᠨ ᠤ ᠬᠢᠨ ᠮᠠᠰᠢ ᠶᠠᠭᠠᠷᠠᠯᠲᠠᠢ ᠪᠠᠶᠢᠵᠤ᠂ ᠲᠤᠶᠢᠯ ᠢᠶᠠᠷ | ᠶᠠᠳᠠᠷᠠᠵᠤ ᠪᠠᠶᠢᠵᠠᠢ᠃ ᠥᠪᠥᠷ ᠮᠣᠩᠭᠤᠯ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠲᠤ | ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠨᠢᠭᠡ ᠯᠡ ᠳᠡᠭᠡᠷ᠎ᠡ ᠲᠥᠪᠯᠡᠷᠡᠬᠦ᠂ ᠣᠯᠠᠨ ᠲᠠᠯ᠎ᠠ ᠠᠴᠠ᠂ ᠳᠠᠪᠬᠤᠷᠳᠠᠭᠤᠯᠤᠨ | ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠬᠤ ᠶᠢ ᠡᠬᠢ ᠡᠭᠦᠰᠦᠯ ᠠᠴᠠ ᠨᠢ ᠠᠷᠢᠯᠭᠠᠵᠤ᠂ ᠬᠠᠰᠤᠵᠤ ᠪᠤᠯᠬᠤ | ᠲᠠᠰ ᠳᠠᠷᠠᠭᠠᠯᠠᠯ ᠪᠠ ᠠᠵᠢᠯᠲᠠᠨ ᠢ ᠴᠥᠮ ᠬᠠᠰᠤᠵᠤ᠂ ︽ᠳᠥᠷᠪᠡ ᠦᠭᠡᠢ ᠬᠤᠶᠠᠷ ᠰᠢᠭᠤᠳ︾ ᠠᠷᠭ᠎ᠠ ᠮᠠᠶ᠋ᠢᠭ ᠢ | ᠬᠡᠷᠡᠭᠯᠡᠵᠦ ᠪᠤᠯᠬᠤ ᠳᠤ ᠯᠡ ᠭᠦᠷᠪᠡᠯ ᠶᠠᠭᠠᠬᠢᠭᠰᠠᠨ ᠴᠤ ᠣᠯᠠᠨ ᠢ ᠬᠥᠳᠡᠯᠭᠡᠬᠦ ᠦᠭᠡᠢ ᠪᠠᠶᠢᠬᠤ ᠶᠢ ᠪᠡᠶᠡᠯᠡᠭᠦᠯᠵᠦ᠂ | 2024 ᠣᠨ ᠤ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠵᠤ ᠬᠢᠨᠠᠨ ᠰᠢᠯᠭᠠᠬᠤ ᠲᠥᠯᠥᠪᠯᠡᠭᠡ ᠪᠠ | ᠪᠦᠷᠢᠳᠬᠡᠨ ᠳᠠᠩᠰᠠᠯᠠᠬᠤ ᠵᠦᠢᠯᠡᠰ ᠢ ᠲᠣᠰ ᠲᠣᠰ 50%᠂ 57% ᠪᠠᠷ ᠪᠠᠭᠠᠰᠬᠠᠪᠠ᠃ ᠡᠭᠦᠨ ᠤ ᠬᠠᠮᠲᠤ ᠬᠤᠲᠠ | ᠰᠢᠶᠠᠨ ᠵᠢᠴᠢ ᠲᠡᠭᠦᠨ ᠠᠴᠠ ᠳᠣᠷᠣᠭᠰᠢᠬᠢ ᠡᠭᠦᠳᠦᠨ ᠪᠠᠶᠢᠭᠤᠯᠵᠤ ᠵᠢᠱᠢᠶ᠎ᠡ ᠦᠵᠡᠭᠦᠯᠭᠦ ᠠᠵᠢᠯᠯᠠᠭ᠎ᠠ᠂ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠳᠤ ᠬᠠᠨᠳᠤᠭᠤᠯᠤᠭᠰᠠᠨ ᠨᠡᠷᠡᠰ ᠤᠨ ᠵᠢᠭᠰᠠᠭᠠᠯᠲᠠ ᠶᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ | ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠦᠨᠳᠦᠰᠦᠨ ᠱᠠᠲᠤᠨ ᠳᠤ ᠳᠠᠷᠤᠭᠠᠰᠤ ᠥᠭᠬᠦ ᠦᠭᠡᠢ ᠪᠠᠷ ᠴᠢᠷᠮᠠᠶᠢᠪᠠ᠃ | ᠳᠣᠣᠷ᠎ᠠ ᠱᠠᠲᠤ ᠲᠡᠶᠢᠰᠢ ᠪᠠᠨ ᠠᠵᠢᠯ ᠳᠠᠭᠠᠭᠠᠯᠭᠠᠬᠤ ︽ᠨᠡᠭᠡᠯᠡᠭᠡᠢ︾ ᠢ ᠴᠢᠩᠭ᠎ᠠ ᠬᠠᠭᠠᠪᠠ᠃ ᠬᠡᠯᠪᠡᠷᠢᠴᠢ ᠦᠵᠡᠯ | ᠪᠣᠯ ᠵᠠᠰᠠᠬᠤ ᠳᠤ ᠪᠡᠷᠬᠡ ᠴᠢᠨᠠᠷ᠂ ᠳᠠᠭᠢᠨ ᠳᠠᠪᠲᠠᠬᠤ ᠴᠢᠨᠠᠷ ᠲᠠᠢ ᠪᠠᠶᠢᠳᠠᠭ᠂ ᠭᠠᠭᠴᠠ ᠬᠦ ᠤᠳᠤ ᠪᠠᠶᠢᠭ᠎ᠠ | ᠠᠰᠠᠭᠤᠳᠠᠯ ᠢ ᠠᠷᠢᠯᠭᠠᠨ ᠪᠠᠭᠠᠰᠬᠠᠬᠤ ᠶᠢᠨ ᠵᠡᠷᠭᠡ ᠪᠠᠷ ᠳᠠᠷᠤᠭᠠᠰᠤ ᠶᠢᠨ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠪᠠᠯ | ᠰᠠᠶ᠋ᠢ ᠦᠨᠳᠦᠰᠦᠨ ᠱᠠᠲᠤ ᠳᠠᠬᠢᠨᠲᠠ ᠶᠠᠷᠰᠢᠭ ᠲᠦᠪᠡᠭᠲᠡᠢ ᠬᠡᠷᠡᠭ ᠶᠠᠪᠤᠳᠠᠯ ᠳᠤ ︽ᠵᠢᠪᠭᠦ︾ ᠶᠢ ᠰᠡᠷᠭᠡᠶᠢᠯᠡᠵᠦ | ᠴᠢᠳᠠᠨ᠎ᠠ᠃ ᠥᠪᠥᠷ ᠮᠣᠩᠭᠤᠯ ᠮᠤᠵᠢ ᠶᠢᠨ ᠲᠡᠰ ᠤᠨ ᠤᠳᠤᠷᠢᠳᠬᠤ ᠺᠠᠳ᠋ᠷ ᠲᠦᠷᠦᠭᠦᠯᠡᠨ ᠬᠢᠬᠦ ᠶᠢ ᠪᠠᠷᠢᠮᠲᠠᠯᠠᠵᠤ᠂ | ︽ᠮᠢᠨᠤ ᠬᠢᠭᠰᠡᠨ ᠬᠤᠷᠠᠯ ᠢᠶᠠᠨ ᠪᠢ ᠲᠤᠭᠤᠰᠢᠯᠠᠭᠤᠯᠵᠤ᠂ ᠮᠢᠨᠤ ᠬᠢᠭᠰᠡᠨ ᠴᠣᠬᠤᠯᠠᠪᠤᠷᠢ ᠪᠠᠨ ᠪᠢ ᠨᠠᠶᠢᠳᠠᠪᠤᠷᠢᠵᠢᠭᠤᠯᠵᠤ᠂ | ᠮᠢᠨᠤ ᠲᠣᠭᠲᠠᠭᠠᠭᠰᠠᠨ ᠲᠦᠷᠦ ᠶᠢᠨ ᠪᠣᠳᠣᠯᠭ᠎ᠠ ᠪᠠᠨ ᠪᠢ ᠪᠡᠶᠡᠯᠡᠭᠦᠯᠵᠦ᠂ ᠮᠢᠨᠤ ᠬᠢᠭᠰᠡᠨ ᠪᠠᠶᠢᠴᠠᠭᠠᠨ | ᠰᠤᠳᠤᠯᠤᠯᠲᠠ ᠪᠠᠨ ᠪᠢ ᠠᠬᠢᠭᠤᠯᠬᠤ︾ ᠶᠢ ᠪᠡᠶᠡᠯᠡᠭᠦᠯᠵᠦ᠂ ᠡᠯ᠎ᠡ ᠱᠠᠲᠤᠨ ᠤ ᠬᠢᠨ ᠲᠤᠰ ᠪᠡᠶ᠎ᠡ ᠶᠢᠨ | ᠬᠠᠷᠢᠭᠤᠴᠠᠯᠭ᠎ᠠ ᠪᠠᠨ ᠡᠭᠦᠷᠭᠡᠯᠡᠬᠦ᠂ ᠬᠡᠨ ᠤ ᠬᠢᠬᠦ ᠶᠣᠰᠣᠲᠠᠢ ᠠᠵᠢᠯ ᠢ ᠬᠡᠨ ᠬᠢᠬᠦ ᠶᠢ ᠠᠬᠢᠭᠤᠯᠵᠤ᠂ ᠱᠠᠲᠤ ᠱᠠᠲᠤ ᠪᠠᠷ | ᠦᠨᠳᠦᠰᠦᠨ ᠱᠠᠲᠤᠨ ᠳᠤ ᠳᠠᠷᠤᠭᠠᠰᠤ ᠪᠠᠨ ᠰᠢᠯᠵᠢᠭᠦᠯᠬᠦ ᠠᠴᠠ ᠵᠠᠶᠢᠯᠠᠰᠬᠢᠪᠡ᠃ ᠠᠵᠢᠯ ᠤᠨ ᠳᠤᠮᠳᠠ ︽ᠬᠤᠶᠠᠷ ᠲᠠᠯ᠎ᠠ︾ | ᠪᠠᠷ ᠠᠳᠬᠤᠬᠤ ᠶᠢ ᠴᠢᠬᠤᠯᠠᠴᠢᠯᠠᠪᠠ᠂ ᠨᠢᠭᠡ ᠨᠢ ᠲᠥᠷᠥ ᠶᠢᠨ ᠪᠣᠳᠣᠯᠭ᠎ᠠ ᠲᠣᠭᠲᠠᠭᠠᠬᠤ ᠠᠴᠠ ᠡᠮᠦᠨ᠎ᠡ ᠰᠠᠶᠢᠲᠤᠷ | ᠰᠤᠳᠤᠯᠤᠨ ᠨᠤᠲᠠᠯᠠᠵᠤ᠂ ︽ᠴᠢᠳᠠᠯ ᠤᠨ ᠬᠢᠷᠢ ᠪᠠᠷ ᠢᠶᠠᠨ ᠬᠢᠵᠦ︾᠂ ᠡᠯ᠎ᠡ ᠱᠠᠲᠤ ᠶᠢ ᠬᠥᠲᠥᠯᠥᠨ ᠵᠢᠯᠤᠭᠤᠳᠴᠤ ᠪᠦᠭᠦ | ᠴᠢᠳᠠᠯ ᠢᠶᠠᠷ ᠢᠶᠠᠨ ᠬᠢᠬᠦ ᠪᠠᠷ ᠪᠠᠷᠠᠬᠤ ᠦᠭᠡᠢ ᠪᠠᠰᠠ ᠴᠢᠳᠠᠯ ᠠᠴᠠ ᠪᠠᠨ ᠳᠡᠭᠡᠭᠦᠷ ᠰᠠᠨᠠᠭᠠᠷᠬᠠᠬᠤ ᠦᠭᠡᠢ ᠪᠠᠶᠢᠵᠤ᠂ | ᠤᠷᠢᠳ ᠢᠶᠠᠷ ︽ᠲᠣᠭᠲᠠᠭᠰᠠᠨ ᠡᠭᠦᠷᠭᠡ︾ ᠪᠠᠨ ᠯᠠᠪᠳᠠᠭᠤᠨ ᠪᠠᠲᠤᠲᠠᠢ ᠪᠡᠶᠡᠯᠡᠭᠦᠯᠵᠦ᠂ ᠢᠯᠡᠭᠦᠴᠡ ᠴᠢᠳᠠᠪᠤᠷᠢ ᠲᠠᠢ ᠪᠣᠯ | ᠳᠠᠭᠢᠨ ︽ᠥᠪᠡᠷ ᠲᠡᠭᠡᠨ ᠡᠭᠦᠷᠭᠡ ᠲᠣᠭᠲᠠᠭᠠᠨ︾ ᠬᠢᠵᠦ᠂ ︽ᠵᠠᠰᠠᠭ ᠤᠨ ᠠᠵᠢᠯ ᠤᠨ ᠬᠢᠷᠢ ᠪᠦᠲᠦᠮᠵᠢ︾ ᠶᠢᠨ ᠲᠥᠯᠥᠭᠡ | ᠱᠠᠲᠤ ᠱᠠᠲᠤ ᠪᠠᠷ ᠳᠠᠷᠤᠭᠠᠰᠤ ᠨᠡᠮᠡᠬᠦ ᠠᠴᠠ ᠰᠡᠷᠭᠡᠶᠢᠯᠡᠪᠡ︔ ᠨᠦᠭᠦᠭᠡ ᠨᠢ ᠡᠭᠦᠷᠭᠡ ᠪᠠᠶᠢᠷᠢᠯᠠᠭᠤᠯᠤᠭᠰᠠᠨ ᠤ ᠲᠠᠷᠠᠭ᠎ᠠ | ᠦᠨᠳᠦᠰᠦᠨ ᠱᠠᠲᠤᠨ ᠳᠤ ︽ᠲᠡᠶᠢᠯᠭᠦ ᠦᠭᠡᠢ︾ ᠭᠡᠵᠦ ᠬᠡᠯᠡᠬᠦ ᠡᠷᠬᠡ ᠥᠭᠴᠦ᠂ ᠳᠣᠣᠷ᠎ᠠ ᠱᠠᠲᠤ ᠶᠢᠨ ᠬᠢᠨ | ᠪᠡᠶᠡᠯᠡᠭᠦᠯᠬᠦ ᠳᠤ ᠦᠨᠡᠬᠡᠷ ᠬᠦᠴᠢᠷᠲᠡᠢ ᠪᠣᠯ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠵᠦ ᠲᠣᠳᠣᠷᠬᠠᠶᠢᠯᠠᠨ᠂ | ᠳᠡᠭᠡᠷ᠎ᠡ ᠱᠠᠲᠤ ᠨᠢ ᠲᠠᠭᠢᠨ ᠰᠤᠳᠤᠯᠤᠭᠰᠠᠨ ᠤ ᠲᠠᠷᠠᠭ᠎ᠠ ᠲᠠᠭᠢᠨ ᠲᠣᠬᠢᠷᠠᠭᠤᠯᠵᠤ ᠪᠣᠯᠣᠨ᠎ᠠ᠃ ᠥᠪᠥᠷ ᠮᠣᠩᠭᠤᠯ | ᠬᠤᠰᠢᠭᠤ ᠰᠢᠶᠠᠨ ᠢᠶᠠᠷ ᠨᠢᠭᠡᠴᠢ ᠪᠣᠯᠭᠠᠨ ᠦᠨᠳᠦᠰᠦᠨ ᠱᠠᠲᠤᠨ ᠤ ᠬᠡᠷᠡᠭ ᠶᠠᠪᠤᠳᠠᠯ ᠢ ᠰᠢᠰᠲ᠋ᠧᠮ ᠠᠵᠢᠯ ᠲᠦᠷᠦᠯ | ᠬᠤᠪᠢᠶᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠬᠢᠷᠠᠭᠤᠯᠤᠭᠰᠠᠨ | ᠲᠦᠷ ᠴᠠᠭ ᠤᠨ ᠴᠢᠨᠠᠷᠲᠠᠢ ᠬᠡᠷᠡᠭ ᠶᠠᠪᠤᠳᠠᠯ ᠳᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ | ᠣᠳᠣᠬᠠᠨ ᠳᠤ ᠶᠠᠭ ᠦᠨᠳᠦᠰᠦᠨ ᠱᠠᠲᠤᠨ ᠠᠴᠠ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠳᠠᠷᠤᠭᠠᠰᠤ ᠶᠢ | ᠬᠥᠩᠭᠡᠷᠡᠭᠦᠯᠦᠭᠰᠡᠨ ᠪᠣᠳᠠᠲᠤ ᠦᠷ᠎ᠡ ᠪᠦᠲᠦᠮᠵᠢ ᠶᠢ ᠦᠨᠡᠯᠡᠬᠦ ᠠᠷᠭ᠎ᠠ ᠶᠢ ᠰᠦᠪᠡᠭᠴᠢᠯᠡᠨ ᠪᠠᠶᠢᠭᠤᠯᠵᠤ᠂ ᠬᠡᠯᠪᠡᠷᠢᠴᠢ | ᠦᠵᠡᠯ ᠤᠨ ︽ᠤᠰᠤᠨ ᠭᠤᠭᠤᠵᠢᠭᠤᠷ ᠤᠨ ᠨᠡᠭᠡᠯᠡᠭᠡᠢ︾ ᠶᠢ ᠴᠢᠩᠭ᠎ᠠ ᠬᠠᠭᠠᠵᠤ᠂ ᠦᠨᠳᠦᠰᠦᠨ ᠱᠠᠲᠤᠨ ᠳᠤ ᠲᠠᠭᠢᠨ | ᠡᠯ᠎ᠡ ᠵᠦᠢᠯ ᠤᠨ ᠢᠯᠡᠭᠦᠴᠡ ᠳᠠᠷᠤᠭᠠᠰᠤ ᠶᠢ ᠥᠭᠴᠦ ᠬᠦᠨᠳᠦᠷᠡᠭᠦᠯᠬᠦ ᠠᠴᠠ ᠰᠡᠷᠭᠡᠶᠢᠯᠡᠪᠡ᠃ | ᠬᠦᠴᠦᠨ ᠣᠯᠭᠤᠬᠤ — ᠦᠨᠳᠦᠰᠦᠨ ᠱᠠᠲᠤᠨ ᠤ ᠡᠭᠦᠷᠭᠡ ᠬᠠᠷᠢᠭᠤᠴᠠᠯᠭ᠎ᠠ ᠡᠭᠦᠷᠭᠡᠯᠡᠬᠦ ︽ᠲᠡᠩᠬᠡᠭᠡ ᠴᠢᠳᠠᠯ︾ | ᠢ ᠨᠡᠮᠡᠭᠳᠡᠭᠦᠯᠪᠡ | ᠦᠨᠳᠦᠰᠦᠨ ᠱᠠᠲᠤᠨ ᠤ ︽ᠴᠢᠳᠠᠯ ᠠᠴᠠ ᠨᠢ ᠠᠬᠠᠳᠠᠭᠤᠯᠬᠤ︾ ᠠᠰᠠᠭᠤᠳᠠᠯ ᠢ ᠰᠢᠢᠳᠪᠦᠷᠢᠯᠡᠬᠦ ᠳᠤ | ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ ᠮᠥᠷᠲᠡᠭᠡᠨ ᠪᠠᠰᠠ ᠠᠵᠢᠯ ᠬᠢᠭᠰᠡᠳ ᠢ ᠤᠷᠮᠠᠰᠢᠭᠤᠯᠤᠨ ᠵᠣᠷᠢᠭᠵᠢᠭᠤᠯᠬᠤ | ᠬᠡᠷᠡᠭᠲᠡᠢ᠃ ᠥᠪᠥᠷ ᠮᠣᠩᠭᠤᠯ ᠬᠠᠰᠤᠵᠤ ᠨᠡᠮᠡᠬᠦ ᠶᠢ ᠵᠡᠷᠭᠡ ᠪᠠᠷ ᠬᠢᠬᠦ ᠶᠢ ᠪᠠᠷᠢᠮᠲᠠᠯᠠᠵᠤ᠂ ᠡᠬᠢ ᠪᠠᠶᠠᠯᠢᠭ ᠤᠨ ᠬᠦᠴᠦᠨ ᠢ | ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ︽ᠶᠠᠰᠤ ᠰᠢᠷᠪᠦᠰᠦ ᠶᠢ ᠴᠢᠭᠢᠷᠠᠭᠵᠢᠭᠤᠯᠵᠤ︾᠂ | ᠬᠠᠷᠠᠭᠠᠯᠵᠠᠭᠰᠠᠨ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠲᠠᠢ ᠪᠣᠯᠭᠠᠪᠠ᠃ | ᠡᠷᠬᠡ ᠬᠠᠷᠢᠭᠤᠴᠠᠯᠭ᠎ᠠ ᠬᠠᠷᠢᠯᠴᠠᠨ ᠵᠣᠬᠢᠴᠠᠬᠤ ᠶᠢ ᠠᠬᠢᠭᠤᠯᠪᠠ᠃ ᠦᠨᠳᠦᠰᠦᠨ ᠱᠠᠲᠤ ᠶᠢ ︽ᠠᠵᠢᠯ ᠶᠠᠪᠤᠳᠠᠯ ᠬᠢᠬᠦ | ᠡᠷᠬᠡ ᠲᠠᠢ︾ ᠪᠤᠯᠭᠠᠬᠤ ᠶᠢᠨ ᠲᠣᠭᠤᠷᠢᠨ ᠳᠤ ︽ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ | ᠠᠵᠢᠯ ᠤᠨ ᠲᠡᠰ ᠳᠠᠷᠠᠭᠠᠯᠠᠯ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠣᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠬᠢᠨᠠᠨ ᠵᠥᠪᠰᠢᠶᠡᠷᠡᠬᠦ ᠡᠷᠬᠡ ᠲᠠᠢ ᠰᠠᠯᠠᠭ᠎ᠠ | ᠮᠥᠴᠢᠷ ᠲᠦᠷᠦᠭᠦᠯᠡᠨ ︽ᠴᠡᠭᠴᠡᠯᠡᠬᠦ᠂ ᠵᠢᠷᠤᠮᠵᠢᠭᠤᠯᠬᠤ᠂ ᠬᠤᠷᠳᠤᠴᠠ ᠶᠢ ᠲᠦᠷᠭᠡᠳᠬᠡᠬᠦ᠂ ᠦᠷ᠎ᠡ ᠠᠰᠢᠭ ᠢ ᠨᠡᠮᠡᠭᠳᠡᠭᠦᠯᠬᠦ︾ | ᠶᠢᠨ ᠲᠣᠭᠤᠷᠢᠨ ᠳᠤ ᠲᠣᠭᠲᠠᠴᠠ ᠪᠠᠨ ᠥᠭᠡᠷᠡᠴᠢᠯᠡᠨ ᠰᠤᠷᠲᠠᠯ ᠢᠶᠠᠨ ᠰᠠᠶᠢᠵᠢᠷᠠᠭᠤᠯᠬᠤ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠯ᠎ᠡ ᠰᠠᠯᠠᠭ᠎ᠠ ᠮᠥᠴᠢᠷ ᠵᠢᠴᠢ ᠰᠢᠭᠤᠳ ᠬᠠᠷᠢᠶ᠎ᠠ ᠠᠵᠢᠯ | ᠦᠢᠯᠡᠰ ᠤᠨ ᠨᠢᠭᠡᠴᠢ ᠶᠢᠨ ᠬᠦᠴᠦᠨ ᠦᠭᠡᠢ ᠪᠤᠯᠭᠠᠵᠤ ᠳᠣᠷᠣᠭᠰᠢ ᠪᠠᠭᠤᠯᠭᠠᠬᠤ ᠴᠢᠬᠤᠯᠠᠲᠠᠢ 581 ᠵᠦᠢᠯ ᠤᠨ | ᠬᠢᠨᠠᠨ ᠵᠥᠪᠰᠢᠶᠡᠷᠡᠬᠦ ᠵᠦᠢᠯᠡᠰ ᠢ ᠪᠦᠭᠦᠨ ᠢ ᠬᠦᠴᠦᠨ ᠦᠭᠡᠢ ᠪᠣᠯᠭᠠᠨ ᠳᠣᠷᠣᠭᠰᠢ ᠪᠠᠭᠤᠯᠭᠠᠵᠤ᠂ ︽ᠡᠷᠬᠡ︾ ᠶᠢ | ︽ᠬᠠᠷᠢᠭᠤᠴᠠᠯᠭ᠎ᠠ︾ ᠲᠠᠢ ᠬᠠᠮᠲᠤ ᠳᠤᠨᠢ ᠦᠨᠳᠦᠰᠦᠨ ᠱᠠᠲᠤᠨ ᠳᠤ ᠪᠠᠭᠤᠯᠭᠠᠪᠠ᠃ ᠰᠢᠶᠠᠩ ᠲᠣᠰᠬᠤᠨ ᠬᠤᠶᠠᠷ | ᠱᠠᠲᠤᠨ ᠤ ᠠᠵᠢᠯ ᠤᠨ ᠬᠡᠷᠡᠭ ᠶᠠᠪᠤᠳᠠᠯ ᠤᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ 2023 ᠣᠨ ᠳᠤ ᠰᠤᠮᠤ | ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠤᠤᠯ ᠤᠨ 152 ᠵᠦᠢᠯ ᠤᠨ ᠲᠤᠰᠢᠶᠠᠯ ᠬᠠᠷᠢᠭᠤᠴᠠᠯᠭ᠎ᠠ ᠶᠢᠨ ᠵᠦᠢᠯᠡᠰ | ᠪᠣᠯᠣᠨ ᠰᠢᠶᠠᠨ ᠰᠢᠶᠠᠩ ᠤᠨ ᠬᠠᠮᠲᠤ ᠪᠠᠷ ᠡᠭᠦᠷᠭᠡᠯᠡᠵᠦ ᠪᠠᠶᠢᠭᠰᠠᠨ 221 ᠵᠦᠢᠯ ᠢ 148 ᠵᠦᠢᠯ ᠪᠣᠯᠭᠠᠨ | ᠨᠡᠶᠢᠳᠬᠡᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠵᠦᠢᠯᠡᠰ ᠢ 99 ᠵᠦᠢᠯ ᠪᠠᠶᠢᠭᠰᠠᠨ ᠠᠴᠠ 56 ᠵᠦᠢᠯ | ᠪᠣᠯᠭᠠᠨ ᠰᠢᠯᠢᠳᠡᠭᠵᠢᠭᠦᠯᠵᠦ᠂ 2024 ᠣᠨ ᠳᠤ ᠪᠠᠰᠠ 13 ᠬᠤᠰᠢᠭᠤ ᠰᠢᠶᠠᠨ ︵ᠬᠤᠲᠠ ᠲᠣᠭᠤᠷᠢᠭ︶ ᠤ 30 | ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠣᠷᠣᠨ ᠲᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ | ᠦᠨᠳᠦᠰᠦᠨ ᠳᠡᠭᠡᠨ ᠭᠦᠢᠴᠡᠳᠬᠡᠬᠦ᠂ ᠲᠤᠰᠢᠶᠠᠯ ᠬᠠᠷᠢᠭᠤᠴᠠᠯᠭ᠎ᠠ ᠪᠠᠨ ᠬᠠᠮᠵᠢᠯᠴᠠᠨ ᠭᠦᠢᠴᠡᠳᠬᠡᠬᠦ᠂ ᠳᠡᠭᠡᠷ᠎ᠡ ᠱᠠᠲᠤᠨ ᠤ | ᠰᠠᠯᠠᠭ᠎ᠠ ᠮᠥᠴᠢᠷ ᠤᠨ ᠬᠤᠷᠢᠶᠠᠨ ᠠᠪᠤᠭᠰᠠᠨ ︽ᠭᠤᠷᠪᠠᠨ ᠬᠠᠭᠤᠳᠠᠰᠤ ᠠᠵᠢᠯ ᠶᠠᠪᠤᠳᠠᠯ ᠤᠨ ᠨᠠᠷᠢᠨ ᠲᠠᠩᠰᠠ︾ ᠶᠢᠨ | ᠲᠤᠷᠰᠢᠯᠲᠠ ᠶᠢᠨ ᠴᠡᠭ ᠢ ᠥᠷᠨᠢᠭᠦᠯᠵᠦ᠂ ᠡᠭᠦᠨ ᠤ ᠰᠠᠭᠤᠷᠢᠨ ᠳᠡᠭᠡᠷ᠎ᠡ ︽ᠣᠷᠣᠨ ᠲᠤᠭ᠎ᠠ ᠨᠢ ᠤᠴᠢᠷ ᠶᠠᠪᠤᠳᠠᠯ ᠢᠶᠠᠨ | ᠳᠠᠭᠠᠵᠤ ᠶᠠᠪᠤᠬᠤ᠂ ᠬᠥᠮᠥᠨ ᠨᠢ ᠣᠷᠣᠨ ᠲᠤᠭ᠎ᠠ ᠪᠠᠨ ᠲᠠᠭᠠᠵᠤ ᠶᠠᠪᠤᠬᠤ︾ ᠵᠠᠷᠴᠢᠮ ᠶᠣᠰᠣᠭᠠᠷ ᠣᠷᠣᠨ ᠲᠤᠭ᠎ᠠ ᠶᠢᠨ | ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠬᠡᠯᠪᠡᠶᠢᠯᠭᠡᠬᠦ ᠶᠢ ᠠᠬᠢᠭᠤᠯᠵᠤ᠂ ︽ᠬᠥᠮᠥᠨ ᠨᠢ ᠤᠴᠢᠷ ᠶᠠᠪᠤᠳᠠᠯ ᠢᠶᠠᠨ | ᠳᠠᠭᠠᠵᠤ ᠶᠠᠪᠤᠬᠤ᠂ ᠵᠠᠷᠤᠳᠠᠯ ᠢ ᠤᠴᠢᠷ ᠶᠠᠪᠤᠳᠠᠯ ᠳᠤᠨᠢ ᠳᠠᠭᠠᠭᠤᠯᠤᠨ ᠰᠢᠯᠵᠢᠭᠦᠯᠬᠦ︾ ᠵᠠᠷᠴᠢᠮ ᠢᠶᠠᠷ ᠦᠨᠳᠦᠰᠦᠨ | ᠱᠠᠲᠤᠨ ᠤ ᠠᠵᠢᠯᠲᠠᠨ ᠪᠣᠯᠣᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠤᠴᠢᠷ ᠶᠠᠪᠤᠳᠠᠯ ᠪᠠ ᠡᠷᠬᠡ | ᠲᠣᠳᠣᠷᠬᠠᠢ᠂ ᠬᠠᠷᠢᠭᠤᠴᠠᠯᠭ᠎ᠠ ᠴᠢᠳᠠᠪᠤᠷᠢ ᠬᠠᠷᠢᠯᠴᠠᠨ ᠵᠣᠬᠢᠴᠠᠬᠤ᠂ ᠲᠤᠰᠢᠶᠠᠯ ᠢᠶᠠᠨ ᠤᠷᠤᠭᠰᠢᠲᠠᠢ ᠭᠦᠢᠴᠡᠳᠬᠡᠬᠦ᠂ | ᠪᠠᠲᠤᠯᠠᠭ᠎ᠠ ᠬᠦᠴᠦᠲᠡᠢ ᠡᠷᠬᠡ ᠬᠠᠷᠢᠭᠤᠴᠠᠯᠭ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠪᠠ᠃ ︽ᠵᠡᠭᠡᠯᠢ ᠭᠤᠳᠤᠮᠵᠢ | ᠰᠢᠶᠠᠩ ᠪᠠᠯᠭᠠᠰᠤ ᠪᠠᠶᠢᠳᠠᠯ ᠢ ᠮᠡᠳᠡᠭᠦᠯᠬᠦ᠂ ᠰᠠᠯᠠᠭ᠎ᠠ ᠮᠥᠴᠢᠷ ᠨᠡᠷ᠎ᠡ ᠮᠡᠳᠡᠭᠦᠯᠦᠨ ᠢᠷᠡᠵᠤ ᠰᠢᠢᠳᠪᠦᠷᠢᠯᠡᠬᠦ︾ ᠵᠡᠷᠭᠡ | ᠪᠦᠲᠦᠮᠵᠢᠲᠡᠶ ᠠᠷᠭ᠎ᠠ ᠬᠢᠳᠡᠯ ᠢ ᠳᠡᠯᠭᠡᠷᠡᠭᠦᠯᠵᠦ᠂ ᠳᠡᠭᠡᠷ᠎ᠡ ᠱᠠᠲᠤᠨ ᠤ ᠰᠠᠯᠠᠭ᠎ᠠ ᠮᠥᠴᠢᠷ ᠬᠢᠭᠡᠳ ᠰᠤᠮᠤ ᠰᠢᠶᠠᠩ | ᠪᠠᠯᠭᠠᠰᠤ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠬᠤ ᠲᠣᠭᠲᠠᠴᠠ᠂ | ᠤᠴᠢᠷ ᠶᠠᠪᠤᠳᠠᠯ ᠢ ᠵᠣᠬᠢᠴᠠᠭᠤᠯᠤᠨ ᠱᠠᠯᠠᠪᠳᠠᠭᠤᠯᠤᠨ ᠭᠦᠢᠴᠡᠳᠬᠡᠬᠦ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ | ᠱᠠᠲᠤᠨ ᠤ ᠦᠭᠡ ᠶᠢ ᠰᠣᠨᠣᠰᠬᠤ ᠬᠥᠮᠥᠨ ᠦᠭᠡᠢ᠂ ᠠᠵᠢᠯ ᠶᠠᠪᠤᠳᠠᠯ ᠭᠦᠢᠴᠡᠳᠬᠡᠬᠦ ᠳᠤ ᠳᠠᠭᠠᠬᠤ ᠬᠥᠮᠥᠨ ᠦᠭᠡᠢ | ᠪᠠᠶᠢᠬᠤ ᠵᠡᠷᠭᠡ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ | ᠠᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠪᠡ᠃ ᠦᠨᠳᠦᠰᠦᠨ ᠱᠠᠲᠤ ᠶᠢ ︽ᠠᠵᠢᠯ ᠬᠢᠬᠦ | ᠬᠥᠮᠥᠨ ᠲᠠᠢ ᠪᠤᠯᠭᠠᠬᠤ︾ ᠶᠢᠨ ᠲᠣᠭᠤᠷᠢᠨ ᠳᠤ ᠣᠯᠠᠨ ᠠᠷᠭ᠎ᠠ ᠬᠡᠮᠵᠢᠶ᠎ᠡ ᠪᠠᠷ ᠠᠵᠢᠯᠲᠠᠨ ᠤ ᠬᠦᠴᠦᠨ ᠢ | ᠲᠣᠬᠢᠷᠠᠭᠤᠯᠪᠠ᠃ ᠥᠪᠥᠷ ᠮᠣᠩᠭᠤᠯ ︽ᠰᠢᠶᠠᠩ ᠠᠴᠠ ᠡᠯᠰᠡᠵᠦ ᠲᠣᠰᠬᠤᠨ ᠬᠡᠷᠡᠭᠯᠡᠬᠦ︾ ᠶᠢ ᠰᠦᠪᠡᠭᠴᠢᠯᠡᠨ | ᠬᠡᠷᠡᠭᠵᠢᠭᠦᠯᠵᠦ᠂ ᠣᠷᠣᠨ ᠲᠤᠭ᠎ᠠ ᠶᠢᠨ ︽ᠡᠷᠭᠢᠯᠲᠡ ᠶᠢᠨ ᠲᠠᠲᠠᠭᠠᠯ︾ ᠢ ᠪᠠᠶᠢᠭᠤᠯᠤᠨ᠂ ︽ᠭᠠᠴᠠᠭ᠎ᠠ ᠲᠣᠰᠬᠤᠨ ᠠᠴᠠ | ᠬᠥᠮᠥᠨ ᠬᠡᠷᠡᠭᠯᠡᠬᠦ ᠬᠡᠷᠡᠭᠴᠡᠭᠡ ᠶᠢ ᠳᠤᠷᠠᠳᠬᠤ – ᠰᠤᠮᠤ ᠰᠢᠶᠠᠩ ᠪᠠᠯᠭᠠᠰᠤ ᠠᠴᠠ ᠠᠩᠬ᠎ᠠ ᠠᠯᠬᠤᠮ ᠬᠢᠨᠠᠨ | ᠪᠠᠶᠢᠴᠠᠭᠠᠵᠤ ᠬᠠᠷᠭᠤᠭᠤᠯᠬᠤ – ᠬᠤᠰᠢᠭᠤ ᠰᠢᠶᠠᠨ ᠲᠣᠭᠤᠷᠢᠭ ᠠᠴᠠ ᠳᠠᠭᠢᠨ ᠬᠢᠨᠠᠬᠤ ᠶᠢᠨ ᠬᠠᠮᠲᠤ ᠳᠡᠭᠡᠭᠰᠢ ᠪᠠᠨ | ᠭᠤᠶᠤᠴᠢᠯᠠᠬᠤ – ᠬᠤᠲᠠ ᠶᠢᠨ ᠱᠠᠲᠤᠨ ᠠᠴᠠ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠤᠨ ᠬᠡᠷᠡᠭᠯᠡᠬᠦ︾ ᠶᠢ | ᠬᠡᠷᠡᠭᠵᠢᠭᠦᠯᠵᠦ᠂ ᠨᠠᠩ ᠣᠯᠠᠨ ᠰᠢᠯᠢᠳᠡᠭ ᠴᠢᠳᠠᠪᠤᠷᠢᠲᠠᠨ ᠤ ᠭᠠᠴᠠᠭ᠎ᠠ ᠲᠣᠰᠬᠤᠨ ᠳᠤ ᠣᠴᠢᠵᠤ ᠦᠢᠯᠡᠴᠢᠯᠡᠬᠦ ᠶᠢ | ᠠᠬᠢᠭᠤᠯᠤᠨ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠤ ︽ᠰᠢᠨ᠎ᠡ ᠬᠠᠭᠤᠴᠢᠨ | ᠬᠦᠴᠦᠨ ᠢ ᠵᠠᠯᠭᠠᠵᠤ ᠳᠡᠶᠢᠯᠭᠦ ᠦᠭᠡᠢ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠣᠶᠢᠷ᠎ᠠ ᠬᠠᠪᠢ | ᠳᠤᠨᠢ ᠠᠵᠢᠯ ᠲᠣᠬᠢᠷᠠᠭᠤᠯᠵᠤ ᠳᠥᠭᠦᠮ ᠦᠵᠡᠭᠦᠯᠭᠦ᠂ ᠠᠵᠢᠯᠯᠠᠵᠤ ᠰᠠᠭᠤᠬᠤ ᠶᠢ ᠬᠠᠮᠲᠤ ᠳᠤᠨᠢ ᠬᠠᠷᠠᠭᠠᠯᠵᠠᠬᠤ ᠵᠠᠷᠴᠢᠮ | ᠶᠣᠰᠣᠭᠠᠷ ᠠᠶᠢᠮᠠᠭ ᠬᠤᠲᠠ ᠪᠤᠶᠤ ᠬᠤᠰᠢᠭᠤ ᠰᠢᠶᠠᠨ ᠠᠴᠠ ᠨᠡᠶᠢᠭᠡᠮ ᠲᠣᠭᠤᠷᠢᠭ ᠤᠨ ᠠᠵᠢᠯᠲᠠᠨ ᠢ ᠨᠢᠭᠡᠳᠦᠯᠲᠡᠢ | ᠰᠣᠩᠭᠤᠨ ᠤᠷᠢᠵᠤ᠂ ᠬᠥᠮᠥᠨ ᠰᠣᠩᠭᠤᠬᠤ ᠶᠠᠰᠤ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠨᠡᠶᠢᠭᠡᠮ | ᠲᠣᠭᠤᠷᠢᠭ ᠤᠨ ᠬᠥᠮᠥᠨ ᠬᠡᠷᠡᠭᠯᠡᠬᠦ ᠳᠤ ᠳᠥᠭᠦᠮ ᠦᠵᠡᠭᠦᠯᠪᠡ᠃ ᠲᠣᠰᠬᠤᠨ ᠳᠤ ᠰᠠᠭᠤᠬᠤ ᠺᠠᠳ᠋ᠷ ᠢ ᠰᠢᠯᠢᠳᠡᠭ ᠢ ᠨᠢ | ᠰᠣᠩᠭᠤᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠲᠣᠰᠬᠤᠨ ᠳᠤ | ᠰᠠᠭᠤᠬᠤ ᠨᠢᠭᠡᠳᠦᠭᠡᠷ ᠱᠦᠵᠢ ᠶᠢ ᠰᠣᠩᠭᠤᠨ ᠲᠣᠮᠢᠯᠠᠬᠤ ᠬᠠᠷᠢᠴᠠᠯ ᠢ 30% ᠠᠴᠠ ᠳᠣᠣᠷ᠎ᠠ ᠪᠠᠶᠢᠯᠭᠠᠬᠤ ᠦᠭᠡᠢ᠂ | ᠠᠵᠢᠯ ᠤᠨ ᠠᠩᠭᠢ ᠶᠢᠨ ᠭᠡᠰᠢᠭᠦᠨ ᠢ ᠰᠣᠩᠭᠤᠨ ᠲᠣᠮᠢᠯᠠᠬᠤ ᠬᠠᠷᠢᠴᠠᠯ ᠢ 20% ᠠᠴᠠ ᠳᠣᠣᠷ᠎ᠠ ᠪᠠᠶᠢᠯᠭᠠᠬᠤ ᠦᠭᠡᠢ | ᠪᠠᠶᠢᠬᠤ ᠶᠢ ᠠᠬᠢᠭᠤᠯᠵᠤ᠂ ᠳᠡᠭᠡᠷ᠎ᠡ ᠱᠠᠲᠤᠨ ᠤ ᠬᠦᠴᠦᠨ ᠢ ᠡᠮᠦᠨ᠎ᠡ ᠹᠷᠣᠨᠲ ᠲᠤ ᠨᠠᠩ ᠣᠯᠠᠨ ᠣᠴᠢᠭᠤᠯᠪᠠ᠃ | ︽ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠠᠵᠢᠯᠲᠠᠨ – ︿ᠬᠤᠶᠠᠷ ᠵᠥᠪᠯᠡᠯ﹀ ᠤᠨ ᠪᠦᠷᠢᠯᠳᠦᠭᠦᠨ – | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ – ᠠᠯᠪᠠᠲᠠᠨ ︵ᠠᠵᠢᠯ ᠦᠢᠯᠡᠰ ᠤᠨ ᠣᠷᠣᠨ ᠲᠤᠭ᠎ᠠ ᠲᠠᠢ | ᠠᠵᠢᠯᠲᠠᠨ︶ – ᠰᠢᠶᠠᠩ ᠰᠠᠯᠠᠭᠠᠨ ᠤ ᠲᠠᠰ ᠤᠨ ᠤᠳᠤᠷᠢᠳᠬᠤ ᠺᠠᠳ᠋ᠷ︾ ᠤᠨ ᠠᠵᠢᠯ ᠦᠢᠯᠡᠰ ᠤᠨ ᠬᠥᠭᠵᠢᠯᠲᠡ ᠶᠢᠨ | ᠠᠷᠭ᠎ᠠ ᠵᠠᠮ ᠢ ᠪᠠᠶᠢᠭᠤᠯᠵᠤ᠂ ᠦᠨᠳᠦᠰᠦᠨ ᠱᠠᠲᠤᠨ ᠤ ᠲᠠᠰ ᠳᠡᠪᠰᠢᠬᠦ ᠵᠠᠮ ᠢ ᠰᠢᠨ᠎ᠡ ᠶᠢ ᠡᠭᠦᠳᠦᠨ ᠥᠷᠭᠡᠳᠬᠡᠵᠦ᠂ | ᠦᠨᠳᠦᠰᠦᠨ ᠱᠠᠲᠤᠨ ᠤ ᠺᠠᠳ᠋ᠷ ᠢ ᠨᠠᠩ ᠬᠦᠰᠡᠯ ᠡᠷᠡᠮᠡᠯᠵᠡᠯ ᠲᠠᠢ ᠪᠠ ᠡᠷᠴᠢ ᠵᠣᠷᠢᠭ ᠲᠠᠢ ᠪᠣᠯᠭᠠᠪᠠ᠃ | ᠮᠡᠳᠡᠭᠡ ᠵᠠᠩᠭᠢ ᠶᠢᠨ ᠮᠡᠷᠭᠡᠵᠢᠯ ᠢ ᠰᠠᠶᠢᠲᠤᠷ ᠬᠡᠷᠡᠭᠯᠡᠪᠡ᠃ ᠦᠨᠳᠦᠰᠦᠨ ᠱᠠᠲᠤ ᠶᠢ ︽ᠨᠡᠩ ᠰᠠᠶᠢᠲᠤᠷ ᠠᠵᠢᠯ | ᠬᠢᠯᠭᠡᠬᠦ︾ ᠶᠢᠨ ᠲᠣᠭᠤᠷᠢᠨ ᠳᠤ ᠦᠨᠳᠦᠰᠦᠨ ᠱᠠᠲᠤᠨ ᠤ ︽ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ︾ ᠶᠢᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠭᠦ ᠤᠯᠤᠰ ᠲᠤ ᠬᠠᠮᠤᠭ ᠤᠨ ᠲᠦᠷᠦᠭᠦᠨ ᠳᠤ | ᠮᠤᠵᠢ ᠶᠢᠨ ᠬᠡᠪᠴᠢᠶᠡᠨ ᠤ ︽ᠨᠢᠭᠡ ᠬᠦᠰᠦᠨᠦᠭᠲᠦ ᠪᠠᠷ ᠨᠡᠪᠲᠡᠷᠡᠬᠦ︾ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ | 103 ᠬᠤᠰᠢᠭᠤ ᠰᠢᠶᠠᠨ ︵ᠬᠤᠲᠠ ᠲᠣᠭᠤᠷᠢᠭ︶ ᠤ 3700 ᠭᠠᠷᠤᠢ ᠰᠠᠯᠠᠭ᠎ᠠ ᠮᠥᠴᠢᠷ ᠵᠢᠴᠢ ᠪᠤᠶ ᠪᠦᠬᠦᠢ ᠰᠤᠮᠤ | ᠰᠢᠶᠠᠩ ᠪᠠᠯᠭᠠᠰᠤ ᠵᠡᠭᠡᠯᠢ ᠭᠤᠳᠤᠮᠵᠢ ᠶᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠂ ᠦᠨᠳᠦᠰᠦᠨ ᠱᠠᠲᠤᠨ ᠤ ᠲᠤᠭ᠎ᠠ | ᠪᠠᠷᠢᠮᠲᠠ ᠶᠢ ᠬᠡᠵᠢᠶ᠎ᠡ ᠬᠤᠪᠢᠷᠠᠭᠤᠯᠪᠠᠯ ᠬᠡᠵᠢᠶ᠎ᠡ ᠰᠢᠨᠡᠴᠢᠯᠡᠵᠦ᠂ ᠳᠡᠭᠡᠷ᠎ᠡ ᠱᠠᠲᠤᠨ ᠤ ᠬᠢᠨ ᠬᠡᠵᠢᠶ᠎ᠡ ᠬᠡᠷᠡᠭᠯᠡᠪᠡᠯ ᠬᠡᠵᠢᠶ᠎ᠡ | ᠠᠪᠴᠤ ᠬᠡᠷᠡᠭᠯᠡᠵᠦ ᠪᠤᠯᠬᠤ ᠪᠣᠯᠭᠠᠨ᠂ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠶᠠᠪᠤᠴᠠ ᠶᠢ ᠲᠤᠶᠢᠯ ᠤᠨ ᠶᠡᠭᠡ ᠪᠠᠷ | ᠰᠢᠯᠢᠳᠡᠭᠵᠢᠭᠦᠯᠵᠦ᠂ ︽ᠲᠤᠭ᠎ᠠ ᠪᠠᠷᠢᠮᠲᠠ ᠶᠢ ᠢᠯᠡᠭᠦᠦ ᠭᠦᠶᠦᠯᠭᠡᠵᠦ᠂ ᠦᠨᠳᠦᠰᠦᠨ ᠱᠠᠲᠤᠨ ᠤ ᠶᠠᠷᠰᠢᠭ ᠲᠦᠪᠡᠭ ᠢ | ᠪᠠᠭᠠᠰᠬᠠᠬᠤ︾ ᠶᠢ ᠪᠡᠶᠡᠯᠡᠭᠦᠯᠪᠡ᠃ ︽ᠰᠦᠯᠵᠢᠶ᠎ᠡ + ᠲᠣᠣᠷᠵᠢᠯ︾ ᠶᠢᠨ ᠵᠠᠰᠠᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ | ︽ᠢᠯᠡᠭᠦᠬᠡᠨ ᠦᠨᠡᠯᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠤᠳᠤᠯᠤᠨ ᠨᠡᠭᠡᠭᠡᠵᠦ ᠳᠡᠯᠭᠡᠷᠡᠭᠦᠯᠦᠨ᠂ | ᠨᠡᠶᠢᠭᠡᠮ ᠤᠨ ᠬᠠᠮᠢᠶᠠᠷᠤᠯᠲᠠ᠂ ᠠᠷᠠᠳ ᠤᠨ ᠪᠠᠶᠢᠳᠠᠯ ᠤᠨ ᠣᠯᠣᠯᠴᠠᠭ᠎ᠠ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ | ᠵᠡᠷᠭᠡ ᠴᠢᠳᠠᠮᠵᠢ ᠶᠢ ᠲᠠᠪᠴᠠᠩ ᠳᠤ ᠣᠷᠣᠭᠤᠯᠵᠤ᠂ ᠰᠦᠯᠵᠢᠶᠡᠨ ᠳᠡᠭᠡᠷᠡᠬᠢ ᠪᠠᠷ ᠪᠣᠳᠠᠲᠤ ᠴᠣᠭᠴᠠ ᠶᠢ ᠠᠬᠢᠭᠤᠯᠵᠤ᠂ | ᠦᠯᠦ ᠦᠵᠡᠭᠳᠡᠬᠦ ᠪᠠᠷ ᠦᠵᠡᠭᠳᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠲᠦ ᠴᠢᠨᠠᠷ ᠪᠠ | ᠳᠥᠭᠦᠮ ᠲᠦᠷᠭᠡᠨ ᠤ ᠬᠡᠮᠵᠢᠶ᠎ᠡ ᠶᠢ ᠳᠡᠭᠡᠭᠰᠢᠯᠡᠭᠦᠯᠪᠡ᠃ | ᠬᠦᠴᠢᠷᠳᠡᠯ ᠢ ᠰᠢᠢᠳᠪᠦᠷᠢᠯᠡᠬᠦ — ᠦᠨᠳᠦᠰᠦᠨ ᠱᠠᠲᠤᠨ ᠤ ︽ᠳᠠᠭᠠᠭᠠᠴᠠ︾ ᠠᠴᠠ ᠪᠠᠨ ᠬᠡᠲᠦᠷᠡᠭᠰᠡᠨ | ᠬᠦᠨᠳᠦ ᠳᠠᠷᠤᠭᠠᠰᠤ ᠶᠢ ᠬᠤᠪᠢᠶᠠᠯᠴᠠᠨ ᠡᠭᠦᠷᠭᠡᠯᠡᠪᠡ | ᠬᠦᠴᠢᠷᠳᠡᠯ ᠢ ᠰᠢᠢᠳᠪᠦᠷᠢᠯᠡᠬᠦ ᠪᠣᠯ ᠬᠠᠮᠤᠭ ᠤᠨ ᠰᠠᠶᠢᠨ ᠳᠠᠷᠤᠭᠠᠰᠤ ᠶᠢ ᠬᠥᠩᠭᠡᠷᠡᠭᠦᠯᠬᠦ ᠶᠠᠪᠤᠳᠠᠯ ᠮᠥᠨ᠃ | ᠶᠡᠷᠦᠩᠬᠡᠢ ᠱᠦᠵᠢ ᠰᠢ ᠶᠢᠨ ᠫᠢᠩ ᠠᠯᠢ ᠡᠷᠲᠡ ᠵᠧᠵᠢᠶᠠᠩ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ | ︽ᠳᠡᠭᠡᠷ᠎ᠡ ᠱᠠᠲᠤᠨ ᠠᠴᠠ ᠨᠢᠭᠡ ᠪᠦᠯᠦᠭ ᠬᠦᠴᠦᠨ ᠢ ᠰᠤᠯᠠᠯᠠᠵᠤ ᠦᠨᠳᠦᠰᠦᠨ ᠱᠠᠲᠤᠨ ᠤ ᠠᠵᠢᠯ ᠢ ᠬᠤᠪᠢᠶᠠᠯᠴᠠᠨ | ᠡᠭᠦᠷᠭᠡᠯᠡᠬᠦ ᠬᠡᠷᠡᠭᠲᠡᠢ︾ ᠭᠡᠵᠦ ᠳᠤᠷᠠᠳᠪᠠ᠃ ᠥᠪᠥᠷ ᠮᠣᠩᠭᠤᠯ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠵᠦ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠬᠤ ᠶᠢ ᠪᠠᠷᠢᠮᠲᠠᠯᠠᠵᠤ᠂ ᠡᠯ᠎ᠡ ᠱᠠᠲᠤᠨ ᠤ ᠤᠳᠤᠷᠢᠳᠬᠤ | ᠪᠠᠶᠢᠭᠤᠯᠭ᠎ᠠ ᠶᠢ ᠬᠥᠲᠥᠯᠥᠨ ᠵᠢᠯᠤᠭᠤᠳᠴᠤ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤ ᠶᠢ ᠬᠠᠪᠰᠤᠷᠤᠨ | ᠲᠤᠯᠭᠠᠷᠠᠭᠰᠠᠨ ᠬᠦᠴᠢᠷᠳᠡᠯ ᠢ ᠨᠢ ᠰᠤᠳᠤᠯᠤᠨ ᠰᠢᠢᠳᠪᠦᠷᠢᠯᠡᠵᠦ ᠥᠭᠭᠦᠨ᠂ ᠦᠨᠳᠦᠰᠦᠨ ᠱᠠᠲᠤ ᠲᠠᠢ ᠬᠠᠮᠲᠤ ᠪᠠᠷ | ︽ᠡᠭᠦᠷᠭᠡᠯᠡᠯ︾ ᠢ ᠳᠠᠭᠠᠭᠠᠵᠤ ᠠᠪᠤᠪᠠ᠃ | ᠨᠢᠭᠡ ᠲᠠᠯ᠎ᠠ ᠪᠠᠷ ᠦᠨᠳᠦᠰᠦᠨ ᠱᠠᠲᠤᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ | ᠬᠦᠴᠦᠨ ᠨᠡᠮᠡᠷᠢᠯᠡᠪᠡ᠃ ᠦᠨᠳᠦᠰᠦᠨ ᠱᠠᠲᠤᠨ ᠤ ᠬᠥᠮᠥᠨ ᠨᠢ ᠠᠵᠢᠯ ᠠᠴᠠ ᠪᠠᠨ ᠢᠯᠡᠭᠦᠳᠡᠵᠦ ᠪᠠᠶᠢᠭ᠎ᠠ ᠪᠠ | ᠪᠦᠲᠦᠴᠡ ᠶᠢᠨ ᠴᠢᠨᠠᠷᠲᠠᠢ ᠬᠥᠮᠥᠨ ᠲᠤᠲᠠᠭᠳᠠᠵᠤ ᠪᠠᠶᠢᠭ᠎ᠠ ᠶᠠᠪᠤᠳᠠᠯ ᠵᠡᠷᠭᠡ ᠪᠠᠷ ᠣᠷᠣᠰᠢᠵᠤ ᠪᠠᠶᠢᠭ᠎ᠠ ᠪᠠᠶᠢᠳᠠᠯ ᠳᠤ | ᠴᠢᠭᠯᠡᠭᠦᠯᠦᠨ ᠬᠡᠷᠡᠭᠴᠡᠭᠡ ᠶᠣᠰᠣᠭᠠᠷ ᠲᠣᠰᠬᠤᠨ ᠳᠤ ᠰᠠᠭᠤᠭ᠎ᠠ ᠺᠠᠳ᠋ᠷ ᠢ ᠲᠣᠬᠢᠷᠠᠭᠤᠯᠵᠤ᠂ ᠠᠵᠢᠯ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠰᠤᠮᠤ ᠰᠢᠶᠠᠩ ᠪᠠᠯᠭᠠᠰᠤ ᠶᠢᠨ ᠺᠠᠳ᠋ᠷ ᠢ ᠬᠠᠯᠠᠮᠵᠢᠯᠠᠨ | ᠬᠠᠶᠢᠷᠠᠯᠠᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ᠰᠤᠮᠤ ᠰᠢᠶᠠᠩ ᠪᠠᠯᠭᠠᠰᠤ ᠶᠢᠨ ᠺᠠᠳ᠋ᠷ ᠤᠨ | ᠣᠷᠣᠯᠭ᠎ᠠ ᠶᠢ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠳᠠᠯᠢ ᠲᠤᠰᠢᠶᠠᠯ ᠤᠨ | ᠲᠠᠰ ᠤᠨ ᠠᠵᠢᠯᠲᠠᠨ ᠤ ᠤᠷᠤᠯᠭ᠎ᠠ ᠠᠴᠠ 20% ᠠᠴᠠ ᠳᠡᠭᠡᠭᠦᠷ ᠬᠥᠳᠡᠯᠦᠩᠭᠦᠢ ᠪᠠᠷ ᠨᠡᠮᠡᠭᠳᠡᠭᠦᠯᠬᠦ ᠲᠣᠭᠲᠠᠴᠠ ᠶᠢ | ᠪᠠᠶᠢᠭᠤᠯᠤᠨ᠂ ᠰᠤᠮᠤ ᠰᠢᠶᠠᠩ ᠪᠠᠯᠭᠠᠰᠤ ᠶᠢᠨ ᠠᠯᠪᠠᠲᠠᠨ ᠤ ᠰᠠᠷ᠎ᠠ ᠶᠢᠨ ᠴᠠᠯᠢᠩ ᠢ ᠬᠥᠮᠥᠨ ᠪᠦᠷᠢ ᠳᠤ ᠳᠤᠮᠳᠠᠴᠢ ᠪᠠᠷ | 860 ᠲᠥᠭᠦᠷᠢᠭ ᠨᠡᠮᠡᠭᠳᠡᠭᠦᠯᠵᠦ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠰᠠᠷ᠎ᠠ ᠶᠢᠨ ᠴᠠᠯᠢᠩ ᠢ ᠬᠥᠮᠥᠨ | ᠪᠦᠷᠢ ᠳᠤᠮᠳᠠᠴᠢ ᠪᠠᠷ 913 ᠲᠥᠭᠦᠷᠢᠭ ᠨᠡᠮᠡᠭᠳᠡᠭᠦᠯᠪᠡ᠃ ᠨᠡᠶᠢᠭᠡᠮ ᠲᠣᠭᠤᠷᠢᠭ ᠲᠤ ︽ᠭᠤᠷᠪᠠᠨ ᠠᠵᠢᠯ ᠤᠨ ᠪᠠᠶᠢᠷᠢ | ᠠᠷᠪᠠᠨ ᠨᠠᠢᠮᠠᠨ ᠲᠠᠰ︾ ᠤᠨ ᠠᠵᠢᠯ ᠮᠡᠷᠭᠡᠵᠢᠭᠰᠡᠨ ᠴᠠᠯᠢᠩ ᠬᠥᠯᠥᠰᠦ ᠶᠢᠨ ᠰᠢᠰᠲ᠋ᠧᠮ ᠢ ᠪᠦᠭᠦ ᠲᠠᠯ᠎ᠠ ᠪᠠᠷ | ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠬᠥᠯᠥᠰᠦ ᠶᠢ ᠰᠠᠷ᠎ᠠ ᠪᠦᠷᠢ ᠳᠤᠮᠳᠠᠴᠢ ᠪᠠᠷ 900 | ᠲᠥᠭᠦᠷᠢᠭ ᠣᠷᠴᠢᠮ ᠨᠡᠮᠡᠭᠳᠡᠭᠦᠯᠪᠡ᠃ ᠡᠨᠡ ᠬᠦ ᠰᠠᠭᠤᠷᠢᠨ ᠳᠡᠭᠡᠷ᠎ᠡ ᠲᠤᠰᠢᠶᠠᠯ ᠤᠨ ᠳᠡᠰ ᠲᠤᠰᠢᠶᠠᠯ ᠤᠨ ᠲᠤᠭ᠎ᠠ ᠶᠢ | ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠤᠰᠢᠶᠠᠯ ᠤᠨ ᠳᠡᠰ ᠤᠨ ᠲᠥᠷᠥ ᠶᠢᠨ ᠪᠣᠳᠣᠯᠭ᠎ᠠ ᠶᠢ | ᠦᠨᠳᠦᠰᠦᠨ ᠱᠠᠲᠤ ᠲᠡᠶᠢᠰᠢ ᠬᠡᠯᠪᠡᠶᠢᠯᠭᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠴᠢᠳᠠᠪᠤᠷᠢᠲᠠᠨ ᠢ ᠲᠠᠲᠠᠬᠤ | ᠬᠦᠴᠦᠨ ᠢ ᠨᠡᠮᠡᠭᠳᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠤᠨ ᠰᠠᠨᠠᠭ᠎ᠠ ᠠᠮᠤᠷ ᠠᠵᠢᠯᠯᠠᠬᠤ ᠶᠢ ᠠᠬᠢᠭᠤᠯᠪᠠ᠃ | ᠦᠨᠳᠦᠰᠦᠨ ᠱᠠᠲᠤᠨ ᠤ ᠺᠠᠳ᠋ᠷᠴᠤᠳ ᠤᠨ ᠶᠡᠭᠡ ᠬᠡᠮᠵᠢᠶᠡᠨ ᠤ ᠴᠠᠭ ᠪᠠ ᠤᠶᠤᠨ ᠴᠢᠳᠠᠯ ᠢᠶᠠᠨ ᠬᠡᠷᠡᠭᠯᠡᠵᠦ ᠪᠠᠶᠢᠭ᠎ᠠ | ᠵᠠᠬᠢᠳᠠᠯ ᠰᠤᠷᠪᠤᠯᠵᠢᠯᠠᠯ ᠤᠨ ᠠᠰᠠᠭᠤᠳᠠᠯ ᠪᠠ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠠᠵᠢᠯ ᠳᠤ ᠴᠢᠭᠯᠡᠭᠦᠯᠦᠨ | ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ᠂ ᠠᠬᠠᠮᠠᠳ ᠺᠠᠳ᠋ᠷ᠂ ᠲᠤᠤᠷᠵᠢᠭᠤᠯᠤᠯᠳᠠ ᠶᠢᠨ ᠬᠠᠮᠢᠶᠠᠷᠤᠯᠲᠠ ᠶᠢᠨ | ᠠᠵᠢᠯᠲᠠᠨ᠂ ᠬᠥᠳᠡᠭᠡ ᠲᠤᠰᠬᠤᠨ ᠤ ᠴᠢᠳᠠᠪᠤᠷᠢᠲᠠᠨ ᠵᠡᠷᠭᠡ ᠡᠬᠢ ᠪᠠᠶᠠᠯᠢᠭ ᠢ ᠡᠮᠬᠢᠳᠬᠡᠵᠦ᠂ ᠭᠠᠴᠠᠭᠠᠨ ᠤ ᠱᠠᠲᠤᠨ ᠤ | ᠵᠣᠬᠢᠶᠠᠨ ᠪᠠᠶᠢᠭᠤᠯᠤᠯᠲᠠ ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠲᠠᠪᠤᠨ ᠱᠠᠲᠤᠨ ᠤ ᠨᠡᠪᠲᠡᠷᠡᠯᠴᠡᠭᠰᠡᠨ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠰᠢᠰᠲ᠋ᠧᠮ ᠢ ᠪᠠᠶᠢᠭᠤᠯᠵᠤ᠂ ︽ᠤᠯᠠᠨ ᠲᠦᠮᠡᠨ ᠳᠡᠭᠡᠭᠰᠢ ᠵᠠᠬᠢᠳᠠᠯ | ᠰᠤᠷᠪᠤᠯᠵᠢᠯᠠᠯ ᠬᠢᠬᠦ ᠶᠢ ᠭᠥᠯᠢᠶᠡᠨ ᠠᠪᠴᠤ ᠪᠠᠶᠢᠭᠰᠠᠨ︾ ᠢ ︽ᠤᠯᠠᠨ ᠲᠦᠮᠡᠨ ᠢ ᠣᠷᠣᠯᠠᠨ ᠵᠠᠬᠢᠳᠠᠯ ᠰᠤᠷᠪᠤᠯᠵᠢᠯᠠᠯ | ᠬᠢᠬᠦ︾ ᠪᠠ ︽ᠰᠠᠨᠠᠭᠠᠴᠢᠯᠠᠭ᠎ᠠ ᠦᠭᠡᠢ ᠪᠠᠷ ᠵᠥᠷᠢᠴᠡᠯ ᠢ ᠠᠷᠢᠯᠭᠠᠵᠤ ᠪᠠᠶᠢᠭᠰᠠᠨ︾ ᠢ ︽ᠰᠠᠨᠠᠭᠠᠴᠢᠯᠠᠭ᠎ᠠ ᠠᠴᠠ ᠪᠠᠨ | ᠠᠰᠠᠭᠤᠳᠠᠯ ᠢ ᠰᠢᠢᠳᠪᠦᠷᠢᠯᠡᠬᠦ︾ ᠪᠣᠯᠭᠠᠨ ᠬᠤᠪᠢᠷᠠᠭᠤᠯᠪᠠ᠃ 2024 ᠣᠨ ᠠᠴᠠ ᠨᠠᠭᠠᠰᠢ᠂ ᠪᠦᠭᠦ ᠣᠷᠣᠨ ᠤ ᠡᠯ᠎ᠡ | ᠱᠠᠲᠤᠨ ᠤ ᠬᠢᠨ ᠵᠠᠬᠢᠳᠠᠯ ᠰᠤᠷᠪᠤᠯᠵᠢᠯᠠᠯ ᠵᠢᠴᠢ ᠪᠤᠰᠤᠳ ᠵᠦᠢᠯᠡᠰ ᠢ ᠨᠡᠶᠢᠲᠡ 2.5 ᠲᠦᠮᠡ ᠭᠠᠷᠤᠢ ᠬᠤᠪᠢ | ᠣᠷᠣᠯᠠᠨ ᠭᠦᠢᠴᠡᠳᠬᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 90% ᠶᠢ ᠳᠠᠪᠠᠵᠤ᠂ ᠨᠢᠭᠡ ᠪᠦᠯᠦᠭ | ᠣᠯᠠᠨ ᠲᠦᠮᠡᠨ ᠤ ᠪᠠᠴᠢᠮᠳᠠᠵᠤ ᠪᠠᠶᠢᠭᠰᠠᠨ᠂ ᠦᠨᠳᠦᠰᠦᠨ ᠱᠠᠲᠤᠨ ᠤ ᠬᠦᠴᠢᠷᠳᠡᠵᠦ ᠪᠠᠶᠢᠭᠰᠠᠨ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠪᠡ᠃ | ᠨᠦᠭᠦᠭᠡ ᠲᠠᠯ᠎ᠠ ᠪᠠᠷ ᠦᠨᠳᠦᠰᠦᠨ ᠱᠠᠲᠤᠨ ᠤ ᠠᠰᠠᠭᠤᠳᠠᠯ ᠢ ᠳᠡᠭᠡᠭᠰᠢ ᠲᠤᠰᠬᠠᠬᠤ ᠠᠷᠭ᠎ᠠ ᠵᠠᠮ ᠢ | ᠰᠢᠯᠤᠭᠤᠳᠬᠠᠪᠠ᠃ ᠦᠨᠳᠦᠰᠦᠨ ᠱᠠᠲᠤᠨ ᠳᠤ ᠰᠢᠢᠳᠪᠦᠷᠢᠯᠡᠬᠦ ᠴᠢᠳᠠᠯ ᠦᠭᠡᠢ ᠪᠤᠶᠤ ᠰᠢᠢᠳᠪᠦᠷᠢᠯᠡᠬᠦ ᠡᠷᠬᠡ ᠦᠭᠡᠢ | ᠬᠦᠴᠢᠷᠳᠡᠯ ᠪᠠ ᠠᠰᠠᠭᠤᠳᠠᠯ ᠲᠣᠬᠢᠶᠠᠯᠳᠤᠪᠠᠯ ᠳᠡᠭᠡᠷ᠎ᠡ ᠱᠠᠲᠤᠨ ᠳᠠᠭᠠᠨ ᠴᠠᠭ ᠲᠤᠬᠠᠢ ᠳᠤᠨᠢ ᠮᠡᠳᠡᠭᠦᠯᠵᠦ᠂ ᠳᠡᠭᠡᠷ᠎ᠡ | ᠱᠠᠲᠤ ᠨᠢ ᠮᠡᠳᠡᠭᠰᠡᠨ ᠤ ᠲᠠᠷᠠᠭ᠎ᠠ ᠲᠦᠷᠭᠡᠨ ᠰᠢᠢᠳᠪᠦᠷᠢᠯᠡᠪᠡᠯ ᠰᠠᠶ᠋ᠢ ᠪᠠᠭ᠎ᠠ ᠶᠠᠪᠤᠳᠠᠯ ᠢ ᠤᠳᠠᠭᠠᠰᠢᠷᠠᠭᠤᠯᠤᠨ | ᠶᠡᠬᠡᠳᠬᠡᠬᠦ᠂ ᠶᠡᠭᠡ ᠶᠠᠪᠤᠳᠠᠯ ᠢ ᠤᠳᠠᠭᠠᠰᠢᠷᠠᠭᠤᠯᠤᠨ ᠰᠢᠢᠳᠪᠦᠷᠢᠯᠡᠬᠦ ᠳᠤ ᠪᠡᠷᠬᠡ ᠲᠠᠢ ᠶᠠᠪᠤᠳᠠᠯ ᠪᠤᠯᠭᠠᠬᠤ ᠶᠢ | ᠰᠡᠷᠭᠡᠶᠢᠯᠡᠵᠦ ᠴᠢᠳᠠᠨ᠎ᠠ᠃ ᠨᠢᠭᠡ ᠬᠤᠭᠤᠴᠠᠭᠠᠨ ᠤ ᠲᠤᠷᠰᠢ ᠵᠠᠷᠢᠮ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ | ᠳᠡᠷᠭᠡᠳᠡᠬᠢ ᠠᠰᠠᠭᠤᠳᠠᠯ ᠢᠶᠠᠨ ᠬᠠᠷᠠᠵᠤ ᠪᠠᠶᠢᠭᠠᠳ ᠬᠠᠶᠢᠬᠤᠷᠬᠤ ᠦᠭᠡᠢ᠂ ᠰᠢᠢᠳᠪᠦᠷᠢᠯᠡᠬᠦ ᠦᠭᠡᠢ ᠮᠥᠷᠲᠡᠭᠡᠨ | ᠮᠡᠳᠡᠭᠦᠯᠬᠦ ᠦᠭᠡᠢ ᠪᠠᠶᠢᠨ᠎ᠠ᠂ ᠡᠨᠡ ᠨᠢ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭᠠᠲᠤ ᠰᠡᠳᠬᠢᠯᠭᠡ ᠴᠢᠩᠭ᠎ᠠ ᠪᠢᠰᠢ | ᠪᠠᠶᠢᠬᠤ ᠶᠢᠨ ᠰᠢᠯᠲᠠᠭᠠᠨ ᠪᠤᠯᠬᠤ ᠪᠠᠷ ᠪᠠᠷᠠᠬᠤ ᠦᠭᠡᠢ ᠪᠠᠰᠠ ᠠᠰᠠᠭᠤᠳᠠᠯ ᠢ ᠲᠤᠰᠬᠠᠬᠤ ᠠᠷᠭ᠎ᠠ ᠵᠠᠮ ᠰᠢᠯᠤᠭᠤᠨ | ᠪᠢᠰᠢ ᠪᠠᠶᠢᠬᠤ ᠲᠠᠢ ᠮᠠᠰᠢ ᠶᠡᠭᠡ ᠬᠤᠯᠪᠤᠭ᠎ᠠ ᠲᠠᠢ ᠶᠤᠮ᠃ ᠡᠭᠦᠨ ᠤ ᠲᠥᠯᠥᠭᠡ ᠥᠪᠥᠷ ᠮᠣᠩᠭᠤᠯ ᠦᠨᠳᠦᠰᠦᠨ | ᠱᠠᠲᠤᠨ ᠤ ᠺᠠᠳ᠋ᠷ ᠤᠨ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠵᠣᠷᠢᠭᠲᠠᠢ ᠪᠠᠷ ᠦᠨᠡᠨ ᠦᠭᠡ | ᠬᠡᠯᠡᠵᠦ ᠪᠣᠳᠠᠲᠤ ᠪᠠᠶᠢᠳᠠᠯ ᠢ ᠮᠡᠳᠡᠭᠦᠯᠬᠦ ᠶᠢ ᠵᠣᠷᠢᠭᠵᠢᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ | ︵ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ︶ ᠤ ᠰᠢᠭᠤᠳ ᠨᠡᠪᠲᠡᠷᠡᠬᠦ ᠲᠡᠷᠭᠡ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠪᠠᠶᠢᠭᠤᠯᠵᠤ᠂ | ᠦᠨᠳᠦᠰᠦᠨ ᠱᠠᠲᠤ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠬᠥᠲᠥᠯᠥᠨ ᠳᠠᠭᠠᠭᠤᠯᠵᠤ ᠦᠵᠡᠯ ᠰᠠᠨᠠᠭᠠᠨ ᠤ | ᠡᠷᠡᠭᠡᠯᠵᠡᠯ ᠢ ᠨᠢ ᠲᠠᠶᠠᠭᠳᠠᠭᠤᠯᠵᠤ᠂ ᠰᠠᠨᠠᠯ ᠰᠠᠨᠠᠭᠤᠯᠭ᠎ᠠ ᠢᠯᠡᠭᠦᠬᠡᠨ ᠳᠤᠷᠠᠳᠬᠤ ᠶᠢ ᠬᠥᠲᠥᠯᠥᠨ ᠵᠢᠯᠣᠭᠤᠳᠪᠠ᠃ | ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ︽ᠬᠥᠲᠥᠯᠪᠦᠷᠢ︾ ᠪᠤᠯᠭᠠᠵᠤ᠂ ᠡᠯ᠎ᠡ ᠲᠠᠯ᠎ᠠ ᠶᠢᠨ ᠬᠢᠨᠠᠯᠲᠠ | ᠲᠠᠯᠪᠢᠬᠤ ᠪᠠᠷ ︽ᠬᠠᠷᠠᠯᠲᠠ︾ ᠪᠤᠯᠭᠠᠵᠤ᠂ ᠠᠷᠪᠠᠨ ᠶᠡᠭᠡ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ | ᠠᠵᠢᠯ ᠤᠨ ᠲᠣᠭᠲᠠᠴᠠ ᠶᠢ ᠪᠠᠶᠢᠭᠤᠯᠵᠤ᠂ ︽ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠠᠷᠪᠠᠨ | ᠰᠠᠨᠠᠯ︾ ᠢ ᠨᠡᠶᠢᠲᠡᠯᠡᠵᠦ᠂ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠦᠨᠳᠦᠰᠦᠨ ᠱᠠᠲᠤᠨ ᠤ | ᠲᠤᠰᠬᠠᠭᠰᠠᠨ ᠠᠰᠠᠭᠤᠳᠠᠯ ᠳᠤ ᠮᠠᠰᠢ ᠣᠯᠠᠨ ︽ᠳᠡᠭᠡᠭᠰᠢ ᠶᠠᠪᠤᠬᠤ︾ ᠵᠠᠮ ᠭᠠᠷᠭᠠᠵᠤ ᠥᠭᠴᠦ᠂ 2023 ᠣᠨ ᠠᠴᠠ | ᠨᠠᠭᠠᠰᠢ ᠪᠦᠭᠦ ᠣᠷᠣᠨ ᠤ ᠡᠯ᠎ᠡ ᠱᠠᠲᠤᠨ ᠳᠤ ᠨᠡᠶᠢᠲᠡ 10 ᠲᠦᠮᠡ ᠭᠠᠷᠤᠢ ᠠᠰᠠᠭᠤᠳᠠᠯ ᠢ ᠢᠯᠡᠷᠡᠭᠦᠯᠵᠦ᠂ | ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 98.7% ᠳᠤ ᠭᠦᠷᠪᠡ᠃ | ᠠᠬᠢᠭᠤᠯᠬᠤ — ᠦᠨᠳᠦᠰᠦᠨ ᠱᠠᠲᠤᠨ ᠤ ᠦᠨᠡᠨ ᠬᠦ ᠠᠳᠬᠤᠵᠤ ᠪᠣᠳᠠᠲᠠᠢ ᠠᠵᠢᠯᠯᠠᠬᠤ ︽ᠬᠥᠳᠡᠯᠭᠡᠬᠦ | ᠬᠦᠴᠦᠨ︾ ᠢ ᠬᠥᠭᠵᠢᠭᠡᠪᠡ | ᠳᠠᠷᠤᠭᠠᠰᠤ ᠶᠢ ᠬᠥᠩᠭᠡᠷᠡᠭᠦᠯᠦᠨ᠎ᠡ ᠭᠡᠳᠡᠭ ᠨᠢ ᠡᠭᠦᠷᠭᠡᠯᠡᠯ ᠢ ᠬᠠᠰᠤᠵᠤ ᠬᠠᠷᠢᠭᠤᠴᠠᠯᠭ᠎ᠠ ᠶᠢ ᠬᠥᠩᠭᠡᠷᠡᠭᠦᠯᠦᠨ᠎ᠡ | ᠭᠡᠰᠡᠨ ᠶᠠᠪᠤᠳᠠᠯ ᠪᠢᠰᠢ᠂ ᠦᠨᠳᠦᠰᠦᠨ ᠱᠠᠲᠤᠨ ᠠᠴᠠ ᠡᠭᠦᠷᠭᠡᠯᠡᠪᠡᠯ ᠵᠣᠬᠢᠬᠤ ᠡᠭᠦᠷᠭᠡ ᠶᠢ ᠡᠷᠬᠡᠪᠰᠢ ᠦᠷᠭᠦᠯᠵᠢᠯᠡᠨ | ᠠᠩᠬᠠᠷᠴᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ | ᠥᠪᠥᠷ ᠮᠣᠩᠭᠤᠯ ︽ᠠᠬᠢᠭᠤᠯᠬᠤ︾ ᠲᠠᠯ᠎ᠠ ᠪᠠᠷ ᠭᠦᠨᠵᠡᠭᠡᠶᠢᠷᠡᠭᠦᠯᠵᠦ᠂ ︽ᠱᠠᠯᠠᠪᠳᠠᠭᠤᠯᠬᠤ︾ ᠲᠠᠯ᠎ᠠ ᠪᠠᠷ | ᠪᠣᠳᠠᠲᠠᠶᠢᠵᠢᠭᠤᠯᠵᠤ᠂ ︽ᠵᠢᠯᠤᠭᠤᠳᠬᠤ︾ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠬᠢᠨ ᠢ ᠬᠥᠲᠥᠯᠥᠨ | ᠵᠢᠯᠤᠭᠤᠳᠴᠤ ᠨᠠᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠵᠣᠷᠢᠭᠵᠢᠭᠤᠯᠤᠨ ᠠᠬᠢᠭᠤᠯᠪᠠ᠃ | ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠪᠡ᠃ ᠵᠠᠷᠢᠮ ᠺᠠᠳ᠋ᠷ ᠤᠨ | ︽ᠬᠤᠷᠠᠯ ᠬᠢᠬᠦ ᠨᠢ ᠤᠯᠠᠨ᠂ ᠠᠵᠢᠯᠯᠠᠭ᠎ᠠ ᠨᠢ ᠤᠯᠠᠨ᠂ ᠭᠠᠳᠠᠭᠰᠢ ᠭᠠᠷᠬᠤ ᠨᠢ ᠤᠯᠠᠨ᠂ ᠪᠠᠶᠢᠴᠠᠭᠠᠨ ᠰᠤᠳᠤᠯᠤᠯᠲᠠ | ᠬᠢᠵᠦ ᠮᠡᠳᠡᠭᠦᠯᠬᠦ ᠨᠢ ᠴᠥᠭᠡᠨ᠂ ᠠᠵᠢᠯ ᠤᠨ ᠰᠡᠳᠬᠢᠮᠵᠢ ᠨᠢ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ | ᠴᠥᠭᠡᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ | ᠤᠳᠠᠭᠠᠨ ᠪᠠᠶᠢᠬᠤ︾ ᠵᠡᠷᠭᠡ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠪᠠ | ᠠᠵᠢᠯ ᠢ ᠠᠳᠬᠤᠬᠤ ᠨᠢ ︽ᠤᠳᠠᠭᠠᠨ ᠪᠦᠳᠦᠭᠦᠯᠢᠭ ᠬᠡᠶᠢᠰᠪᠦᠷᠢ ᠪᠠᠶᠢᠬᠤ︾ ᠭᠡᠮ ᠠᠷᠬᠠᠭ ᠢ ᠴᠢᠩᠭ᠎ᠠ ᠠᠩᠬᠠᠷᠴᠤ᠂ | ︽ᠵᠢᠷᠤᠮᠵᠢᠭᠤᠯᠬᠤ ᠬᠠᠰᠤᠨ ᠴᠣᠮᠬᠠᠳᠬᠠᠬᠤ ᠬᠤᠷᠳᠤᠴᠠ ᠶᠢ ᠳᠡᠭᠡᠭᠰᠢᠯᠡᠭᠦᠯᠭᠦ︾ 20 ᠵᠦᠢᠯ ᠤᠨ ᠠᠷᠭ᠎ᠠ ᠬᠡᠮᠵᠢᠶ᠎ᠡ ᠶᠢ | ᠲᠣᠭᠲᠠᠭᠠᠨ ᠨᠡᠶᠢᠲᠡᠯᠡᠵᠦ᠂ ᠡᠯ᠎ᠡ ᠱᠠᠲᠤᠨ ᠤ ᠬᠠᠷᠢᠭᠤᠴᠠᠯᠭ᠎ᠠ ᠶᠢᠨ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ | ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠬᠤ ᠶᠢ | ᠠᠬᠢᠭᠤᠯᠵᠤ᠂ ᠤᠴᠢᠷ ᠶᠠᠪᠤᠳᠠᠯ ᠪᠦᠭᠦᠨ ᠢ ᠤᠷᠤᠭᠰᠢ ᠠᠬᠢᠭᠤᠯᠵᠤ ᠪᠤᠯᠬᠤ ᠶᠢ ᠨᠢ ᠠᠯᠢ ᠴᠢᠳᠠᠬᠤ ᠪᠠᠷ ᠤᠷᠤᠭᠰᠢ | ᠠᠬᠢᠭᠤᠯᠵᠤ᠂ ᠤᠷᠢᠳᠴᠢᠯᠠᠨ ︽ᠰᠢᠯᠭᠠᠯᠲᠠ ᠶᠢᠨ ᠬᠠᠭᠤᠳᠠᠰᠤ︾ ᠲᠤᠰᠢᠶᠠᠵᠤ ᠪᠤᠯᠬᠤ ᠶᠢ ᠨᠢ ︽ᠴᠠᠭ ᠢ ᠨᠢ ᠲᠤᠯᠭᠠᠵᠤ︾ | ᠪᠠᠶᠢᠭᠠᠳ ᠰᠠᠶ᠋ᠢ ᠲᠤᠰᠢᠶᠠᠬᠤ ᠠᠴᠠ ᠵᠠᠶᠢᠯᠠᠰᠬᠢᠪᠡ᠃ ᠣᠳᠣᠬᠠᠨ ᠳᠤ᠂ ᠤᠯᠤᠰ ᠤᠨ ᠲᠦᠷᠦᠭᠦᠦ ᠪᠦᠯᠦᠭ ᠤᠨ 13 | ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ ᠨᠠᠷᠢᠨ | ᠲᠠᠩᠰᠠ ᠶᠢ ᠥᠪᠥᠷ ᠮᠣᠩᠭᠤᠯ ᠳᠤ ᠪᠦᠭᠦᠨ ᠢ ᠰᠦᠯᠵᠢᠶᠡᠨ ᠳᠤ ᠭᠠᠷᠭᠠᠨ ᠠᠵᠢᠯᠯᠠᠭᠤᠯᠵᠤ᠂ ᠡᠯ᠎ᠡ ᠠᠶᠢᠮᠠᠭ ᠬᠤᠲᠠ | ᠨᠡᠶᠢᠲᠡ 108 ︽ᠣᠨᠴᠠᠯᠢᠭᠲᠤ ᠨᠢᠭᠡ ᠶᠠᠪᠤᠳᠠᠯ︾ ᠨᠡᠶᠢᠲᠡᠯᠡᠵᠦ᠂ ︽ᠮᠥᠩᠬᠡ ᠰᠤᠪᠠᠭ︾ ᠤᠨ ᠪᠦᠭᠦ ᠤᠯᠤᠰ ᠤᠨ | ︽ᠰᠦᠯᠵᠢᠶᠡᠨ ᠳᠡᠭᠡᠷ᠎ᠡ ᠠᠮᠠᠷᠬᠠᠨ ᠭᠦᠢᠴᠡᠳᠬᠡᠬᠦ︾ ᠶᠡᠷᠦᠩᠬᠡᠶᠢᠯᠡᠭᠰᠡᠨ ᠭᠦᠢᠴᠡᠳᠬᠡᠯ ᠲᠤᠭ᠎ᠠ ᠶᠢᠨ ᠨᠡᠷᠡᠰ ᠤᠨ | ᠵᠢᠭᠰᠠᠭᠠᠯᠲᠠ ᠶᠢ 2023 ᠣᠨ ᠤ ᠬᠢ ᠠᠴᠠ 6 ᠣᠷᠣᠨ ᠡᠮᠦᠨᠡᠰᠢᠯᠡᠭᠦᠯᠪᠡ᠃ ᠵᠠᠷᠢᠮ ᠦᠶ᠎ᠡ ᠳᠤ ᠺᠠᠳ᠋ᠷ ᠠᠵᠢᠯᠲᠠᠨ | ᠴᠥᠭᠡᠨ ᠪᠤᠰᠤ ᠠᠵᠢᠯ ᠬᠢᠭᠰᠡᠨ ᠪᠠᠶᠢᠲᠠᠯ᠎ᠠ ᠤᠯᠠᠨ ᠲᠦᠮᠡᠨ ᠰᠡᠳᠬᠢᠯ ᠬᠠᠨᠤᠮᠵᠢ ᠦᠭᠡᠢ ᠪᠠᠶᠢᠬᠤ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ᠦᠨᠳᠦᠰᠦᠨ ᠱᠠᠲᠤ ᠶᠢ ᠬᠥᠲᠥᠯᠥᠨ ᠵᠢᠯᠤᠭᠤᠳᠴᠤ ᠤᠯᠠᠨ ᠲᠦᠮᠡᠨ ᠳᠤ | ᠦᠢᠯᠡᠴᠢᠯᠡᠬᠦ ᠠᠷᠭ᠎ᠠ ᠭᠡᠯᠪᠡᠷᠢ ᠶᠢ ᠨᠢ ᠰᠢᠯᠢᠳᠡᠭᠵᠢᠭᠦᠯᠵᠦ᠂ ᠲᠦᠷᠭᠡᠨ ᠤ ᠲᠡᠮᠦᠷ ᠵᠠᠮ ᠤᠨ ᠦᠢᠯᠡᠴᠢᠯᠡᠭᠡ ᠰᠢᠭ ᠤᠴᠢᠷ | ᠶᠠᠪᠤᠳᠠᠯ ᠲᠣᠬᠢᠶᠠᠯᠳᠤᠪᠠᠯ ᠵᠠᠪᠠᠯ ᠰᠢᠢᠳᠪᠦᠷᠢᠯᠡᠬᠦ᠂ ᠤᠯᠠᠨ ᠲᠦᠮᠡᠨ ᠳᠠᠭᠤᠳᠠᠬᠤ ᠦᠭᠡᠢ ᠪᠣᠯ ᠣᠴᠢᠵᠤ ᠬᠠᠷᠰᠢᠯᠠᠬᠤ | ᠦᠭᠡᠢ᠂ ᠤᠯᠠᠨ ᠲᠦᠮᠡᠨ ᠬᠡᠷᠡᠭᠴᠡᠭᠡ ᠦᠭᠡᠢ ᠦᠶ᠎ᠡ ᠳᠤ ᠪᠤᠰᠤᠳ ᠢ ᠣᠷᠣᠯᠠᠨ ᠡᠵᠡᠨ ᠮᠡᠳᠡᠬᠦ ᠦᠭᠡᠢ᠂ | ᠬᠡᠷᠡᠭᠴᠡᠭᠡ ᠠᠴᠠ ᠬᠡᠲᠦᠷᠡᠲᠡᠯ᠎ᠡ ᠬᠠᠷᠠᠭᠠᠯᠵᠠᠬᠤ ᠦᠭᠡᠢ ᠪᠠᠶᠢᠬᠤ ᠶᠢ ᠪᠡᠶᠡᠯᠡᠭᠦᠯᠵᠦ᠂ ᠦᠨᠡᠨ ᠬᠦ ᠤᠴᠢᠷ ᠶᠠᠪᠤᠳᠠᠯ | ᠲᠣᠬᠢᠶᠠᠯᠳᠤᠪᠠᠯ ᠴᠠᠭ ᠲᠤᠬᠠᠢ ᠳᠤᠨᠢ ᠢᠯᠡᠷᠡᠭᠦᠯᠵᠦ᠂ ᠳᠠᠭᠠᠷᠠᠬᠰᠠᠨ ᠬᠥᠮᠥᠨ ᠳᠤ ᠳᠠᠬᠤ ᠬᠦᠷᠭᠡᠵᠦ᠂ ᠬᠠᠯᠠᠭᠤᠨ | ᠰᠡᠳᠬᠢᠯ᠂ ᠬᠦᠯᠢᠴᠡᠩᠭᠦᠢ ᠰᠡᠳᠬᠢᠯ ᠢᠶᠠᠷ ᠦᠢᠯᠡᠴᠢᠯᠡᠵᠦ᠂ ᠨᠠᠷᠢᠨ ᠬᠢᠨᠠᠮᠠᠭᠠᠢ ᠪᠠᠶᠢᠬᠤ ᠶᠢ ᠦᠨᠡᠨ ᠬᠦ ᠪᠡᠶᠡᠯᠡᠭᠦᠯᠵᠦ᠂ | ᠰᠠᠶᠢᠨ ᠶᠠᠪᠤᠳᠠᠯ ᠢ ᠦᠨᠡᠨ ᠬᠦ ᠤᠯᠠᠨ ᠲᠦᠮᠡᠨ ᠤ ᠰᠡᠳᠬᠢᠯ ᠳᠤ ᠭᠦᠷᠳᠡᠯ᠎ᠡ ᠬᠢᠬᠦ ᠶᠢ ᠪᠠᠷᠢᠮᠲᠠᠯᠠᠪᠠ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ | ᠠᠰᠠᠭᠤᠳᠠᠯ ᠢ ᠴᠡᠭᠴᠡᠯᠡᠨ ᠵᠠᠰᠠᠬᠤ ︽ᠭᠤᠷᠪᠠᠨ ᠵᠦᠢᠯ ᠤᠨ ᠠᠵᠢᠯ︾ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | 2.7 ᠲᠦᠮᠡ ᠭᠠᠷᠤᠢ ᠠᠰᠠᠭᠤᠳᠠᠯ ᠢ ᠢᠯᠡᠷᠡᠭᠦᠯᠵᠦ᠂ 2200 ᠭᠠᠷᠤᠢ ᠵᠦᠢᠯ ᠤᠨ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠺᠠᠳ᠋ᠷ ᠤᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ | ᠪᠠᠷᠠᠬᠤ ᠦᠭᠡᠢ᠂ ᠪᠠᠰᠠ ᠦᠨᠳᠦᠰᠦᠨ ᠱᠠᠲᠤᠨ ᠤ ᠠᠵᠢᠯ ᠢ ᠵᠢᠷᠤᠮᠵᠢᠭᠤᠯᠬᠤ ᠶᠢ ᠠᠬᠢᠭᠤᠯᠪᠠ᠃ | ᠱᠠᠯᠠᠪᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠪᠡ᠃ | ᠥᠩᠭᠡᠷᠡᠭᠰᠡᠨ ᠨᠢᠭᠡ ᠬᠤᠭᠤᠴᠠᠭᠠᠨ ᠳᠤ ᠥᠪᠥᠷ ᠮᠣᠩᠭᠤᠯ ᠤᠨ ᠵᠠᠷᠢᠮ ᠭᠠᠵᠠᠷ ᠣᠷᠣᠨ ᠳᠤ ᠤᠢ ᠰᠢᠭᠤᠢ ᠶᠢ ᠡᠪᠳᠡᠨ | ᠠᠲᠠᠷ ᠬᠠᠭᠠᠯᠪᠤᠷᠢᠯᠠᠬᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠢᠳᠡᠭᠡᠨ ᠤ ᠠᠮᠤᠷ ᠲᠦᠪᠰᠢᠨ᠂ | ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠠᠰᠠᠭᠤᠳᠠᠯ ᠤᠯᠠᠨ ᠡᠭᠦᠰᠴᠦ ᠴᠢᠨᠠᠭᠰᠢᠯᠠᠪᠠᠯ ᠪᠠᠶᠢᠨ ᠲᠠᠭᠢᠨ ᠭᠠᠷᠴᠤ | ᠪᠠᠶᠢᠭᠰᠠᠨ ᠨᠢ ᠵᠠᠷᠢᠮ ᠭᠠᠵᠠᠷ ᠣᠷᠣᠨ ᠪᠣᠯᠣᠨ ᠨᠢᠭᠡᠴᠢ ᠶᠢᠨ ᠱᠠᠯᠠᠪᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠶᠢ | ᠬᠡᠷᠡᠭᠵᠢᠭᠦᠯᠦᠭᠰᠡᠨ ᠪᠤᠯᠪᠠᠴᠤ ᠦᠷ᠎ᠡ ᠪᠦᠲᠦᠮᠵᠢ ᠶᠢ ᠴᠢᠬᠤᠯᠠᠴᠢᠯᠠᠭᠰᠠᠨ ᠦᠭᠡᠢ ᠲᠠᠢ ᠰᠢᠭᠤᠳ ᠬᠤᠯᠪᠤᠭ᠎ᠠ ᠲᠠᠢ | ᠪᠠᠶᠢᠪᠠ᠃ ᠵᠠᠷᠢᠮ ᠨᠢ ᠥᠡᠭᠭᠡᠨ ᠲᠠᠯ᠎ᠠ ᠶᠢ ᠯᠡ ᠴᠢᠬᠤᠯᠠᠴᠢᠯᠠᠵᠤ᠂ ᠬᠡᠳᠦᠢ ᠬᠤᠷᠠᠯ ᠬᠢᠵᠦ᠂ ᠬᠡᠳᠦᠢ ᠪᠢᠴᠢᠭ ᠮᠠᠲ᠋ᠧᠷᠢᠶᠠᠯ | ᠲᠠᠷᠬᠠᠭᠠᠵᠤ᠂ ᠬᠡᠳᠦᠢ ᠡᠬᠡ ᠲᠠᠩᠰᠠ ᠵᠣᠬᠢᠶᠠᠭᠰᠠᠨ᠂ ᠤᠳᠤᠷᠢᠳᠤᠯᠭ᠎ᠠ ᠴᠣᠬᠤᠯᠠᠪᠤᠷᠢ ᠥᠭᠭᠦᠭᠰᠡᠨ ᠡᠰᠡᠬᠦ ᠶᠢ ᠯᠠ | ᠦᠵᠡᠪᠡ︔ ᠵᠠᠷᠢᠮ ᠨᠢ ᠪᠠᠶᠢᠴᠠᠭᠠᠯᠲᠠ ᠶᠢ ᠪᠡᠶᠡᠯᠡᠭᠦᠯᠦᠭᠰᠡᠨ ᠢᠶᠠᠷ ᠦᠵᠡᠵᠦ᠂ ᠪᠠᠶᠢᠴᠠᠭᠠᠬᠤ ᠪᠠᠷ ᠬᠠᠮᠢᠶᠠᠷᠬᠤ ᠶᠢ | ᠣᠷᠣᠯᠠᠭᠤᠯᠵᠤ᠂ ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠵᠤ᠂ ᠪᠣᠳᠠᠲᠠᠢ ᠵᠠᠰᠠᠬᠤ ᠡᠰᠡᠬᠦ ᠶᠢ ᠬᠠᠮᠢᠶᠠᠷᠬᠤ ᠦᠭᠡᠢ | ᠪᠠᠶᠢᠪᠠ᠃ ᠥᠪᠥᠷ ᠮᠣᠩᠭᠤᠯ ᠠᠶᠢᠮᠠᠭ ᠬᠤᠲᠠ ᠶᠢᠨ ᠬᠤᠭᠤᠷᠣᠨᠳᠤ ᠪᠠᠨ ᠰᠣᠯᠪᠢᠴᠠᠨ ᠬᠠᠷᠢᠯᠴᠠᠨ ᠪᠠᠶᠢᠴᠠᠭᠠᠬᠤ ᠵᠡᠷᠭᠡ | ᠵᠠᠭᠪᠤᠷ ᠢ ᠶᠡᠭᠡ ᠪᠠᠷ ᠳᠡᠯᠭᠡᠷᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠮᠳᠠᠬᠢ ︽ᠲᠠᠨᠢᠯ | ᠬᠥᠮᠥᠨ ᠤ ᠨᠡᠶᠢᠭᠡᠮ︾ ᠭᠡᠭᠳᠡᠭᠰᠡᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠷᠬᠡᠪᠰᠢ ᠠᠰᠠᠭᠤᠳᠠᠯ ᠢ | ᠢᠯᠡᠷᠡᠭᠦᠯᠵᠦ᠂ ᠦᠨᠡᠨ ᠠᠰᠠᠭᠤᠳᠠᠯ ᠢ ᠢᠯᠡᠷᠡᠭᠦᠯᠬᠦ ᠪᠠᠷ ᠴᠢᠷᠮᠠᠶᠢᠪᠠ᠃ ᠡᠯ᠎ᠡ ᠱᠠᠲᠤᠨ ᠤ ᠬᠢᠨ ᠬᠢᠨᠠᠨ ᠪᠠᠶᠢᠴᠠᠭᠠᠬᠤ | ᠶᠠᠪᠤᠴᠠ ᠳᠤ ᠠᠰᠠᠭᠤᠳᠠᠯ ᠢ ᠣᠨᠣᠪᠴᠢᠲᠠᠢ ᠡᠷᠢᠬᠦ ᠶᠢᠨ ᠬᠠᠮᠲᠤ ᠦᠨᠡᠨ ᠮᠥᠨ ᠢᠶᠠᠷ ᠬᠠᠷᠢᠭᠤ ᠲᠤᠰᠬᠠᠵᠤ᠂ ᠰᠢᠭᠤᠳ | ᠰᠢᠯᠤᠭᠤᠨ ᠢᠶᠠᠷ ᠳᠤᠷᠠᠳᠴᠤ᠂ ︽ᠲᠤᠭᠤᠰᠢᠲᠠᠢ ᠪᠢᠰᠢ︾᠂ ︽ᠵᠢᠷᠤᠮᠵᠢᠩᠭᠤᠢ ᠪᠤᠰᠤ︾᠂ ︽ᠲᠣᠭᠲᠠᠭᠠᠯ ᠳᠤ ᠨᠡᠶᠢᠴᠡᠬᠦ | ᠦᠭᠡᠢ︾ ᠭᠡᠬᠦ ᠮᠡᠲᠦ ᠶᠢᠨ ᠪᠠᠯᠠᠷᠬᠠᠢ ᠦᠭᠡ ᠬᠡᠯᠡᠯᠭᠡ ᠪᠠᠷ ᠵᠠᠩᠭᠢᠯᠠᠭ᠎ᠠ ᠶᠢᠨ ᠮᠡᠳᠡᠭᠡ ᠵᠠᠩᠭᠢ ᠶᠢ ᠬᠠᠯᠬᠠᠯᠠᠬᠤ ᠠᠴᠠ | ᠵᠠᠶᠢᠯᠠᠰᠬᠢᠵᠦ᠂ ᠳᠣᠣᠷ᠎ᠠ ᠱᠠᠲᠤᠨ ᠤ ᠬᠢᠨ ᠳᠤ ᠬᠠᠮᠢᠭ᠎ᠠ ᠨᠢ ᠪᠤᠷᠤᠭᠤᠳᠠᠭᠰᠠᠨ᠂ ᠶᠠᠭᠤ ᠶᠢ ᠨᠢ ᠥᠭᠡᠷᠡᠴᠢᠯᠡᠬᠦ | ᠴᠢᠬᠤᠯᠠᠲᠠᠢ ᠪᠠᠶᠢᠬᠤ ᠶᠢ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠱᠠᠯᠠᠪᠳᠠᠭᠤᠯᠤᠨ ᠭᠦᠢᠴᠡᠳᠬᠡᠬᠦ ᠳᠦᠷᠢᠮ ᠢ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ | ᠰᠢᠯᠭᠠᠨ ᠠᠪᠴᠤ ᠦᠨᠡᠯᠡᠨ ᠰᠢᠢᠳᠪᠦᠷᠢᠯᠡᠬᠦ ᠠᠰᠠᠭᠤᠳᠠᠯ ᠤᠨ ᠲᠠᠩᠰᠠᠨ ᠠᠴᠠ ᠭᠠᠷᠭᠠᠬᠤ᠂ ︽ᠡᠷᠭᠢᠵᠦ ᠬᠠᠷᠠᠨ︾ | ᠦᠨᠡᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠦᠭᠡᠢ᠂ ᠴᠡᠭᠴᠡᠯᠡᠨ | ᠰᠠᠶᠢᠵᠢᠷᠠᠭᠤᠯᠬᠤ ᠶᠢ ᠠᠯᠭᠤᠷᠯᠠᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠪᠤᠶᠤ ᠴᠡᠭᠴᠡᠯᠡᠨ | ᠰᠠᠶᠢᠵᠢᠷᠠᠭᠤᠯᠤᠭᠰᠠᠳ ᠢ ᠬᠠᠪᠰᠤᠷᠤᠨ ︽ᠬᠠᠯᠬᠠᠯᠠᠵᠤ ᠥᠮᠥᠭᠯᠡᠬᠦ︾ ᠠᠰᠠᠭᠤᠳᠠᠯ ᠢ ᠴᠢᠩᠭ᠎ᠠ ᠰᠢᠢᠳᠪᠦᠷᠢᠯᠡᠵᠦ᠂ | ᠱᠠᠯᠠᠪᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠶᠢᠨ ᠳᠦᠷᠢᠮᠵᠢᠭᠦᠯᠦᠨ ᠵᠢᠷᠤᠮᠵᠢᠭᠤᠯᠬᠤ ᠦᠢᠯᠡᠳᠦᠯ ᠢ ᠦᠨᠡᠨᠬᠦ | ᠪᠠᠳᠠᠷᠠᠭᠤᠯᠪᠠ᠃ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠭᠤᠯᠤᠨ ᠬᠠᠮᠢᠶ᠎ᠠ ᠪᠦᠬᠦᠢ ᠳᠦᠷᠢᠮ ᠪᠠ | ᠵᠢᠷᠤᠮᠵᠢᠯ ᠢ ᠱᠠᠯᠠᠪᠳᠠᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠨᠢᠭᠡ ᠠᠰᠠᠭᠤᠳᠠᠯ ᠢ | ᠰᠢᠢᠳᠪᠦᠷᠢᠯᠡᠬᠦ ᠠᠴᠠ ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ ᠲᠡᠶᠢᠰᠢ ᠤᠷᠲᠤᠳᠬᠠᠬᠤ ᠶᠢ ᠠᠬᠢᠭᠤᠯᠵᠤ᠂ | ᠠᠰᠠᠭᠤᠳᠠᠯ ᠤᠨ ᠳᠠᠭᠢᠨ ᠢᠯᠡᠷᠡᠬᠦ ᠪᠠ ᠳᠠᠭᠢᠨ ᠳᠠᠪᠲᠠᠨ ᠡᠭᠦᠰᠬᠦ ᠶᠢ ᠰᠡᠷᠭᠡᠶᠢᠯᠡᠪᠡ᠃ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠪᠠ᠃ ᠥᠪᠥᠷ | ᠮᠣᠩᠭᠤᠯ ᠬᠤᠣᠰ ᠴᠢᠭᠯᠡᠯ ᠢᠶᠠᠷ ᠬᠦᠴᠦᠯᠡᠬᠦ ᠶᠢ ᠵᠣᠷᠢᠭᠵᠢᠭᠤᠯᠬᠤ ᠪᠠ ᠬᠢᠵᠠᠭᠠᠷᠯᠠᠬᠤ ᠶᠢ ᠪᠠᠷᠢᠮᠲᠠᠯᠠᠵᠤ᠂ ᠪᠣᠳᠠᠲᠠᠢ | ᠠᠵᠢᠯᠯᠠᠬᠤ ᠶᠢ ᠴᠢᠬᠤᠯᠠᠴᠢᠯᠠᠬᠤ᠂ ᠪᠣᠳᠠᠲᠠᠢ ᠵᠢᠳᠬᠦᠯ ᠴᠢᠷᠮᠠᠶᠢᠯᠭ᠎ᠠ ᠭᠠᠷᠭᠠᠬᠤ᠂ ᠪᠣᠳᠠᠲᠤ ᠦᠷ᠎ᠡ ᠪᠦᠲᠦᠮᠵᠢ ᠶᠢ | ᠡᠷᠭᠢᠮᠯᠡᠭᠦ ᠤᠳᠤᠷᠢᠳᠤᠮᠵᠢ ᠶᠢ ᠨᠡᠩ ᠢᠯᠡ ᠲᠣᠳᠣ ᠪᠤᠢ ᠪᠣᠯᠭᠠᠪᠠ᠃ ᠵᠥᠪ ᠴᠢᠭᠯᠡᠯ ᠢᠶᠠᠷ ᠵᠣᠷᠢᠭᠵᠢᠭᠤᠯᠬᠤ ᠲᠠᠯ᠎ᠠ ᠪᠠᠷ᠂ | ︽ᠬᠦᠴᠢᠷ ᠪᠡᠷᠬᠡᠰᠢᠶᠡᠯ ᠢ ᠳᠠᠭᠠᠭᠠᠬᠤ᠂ ᠴᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ | ᠶᠠᠭᠠᠬᠢᠭᠰᠠᠨ ᠴᠤ ᠵᠣᠬᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠢᠮᠠᠭᠲᠠ | ᠴᠢᠬᠤᠯᠠᠴᠢᠯᠠᠵᠤ᠂ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠶ ᠪᠤᠯᠭᠠᠬᠤ ᠪᠠ | ᠦᠢᠯᠡᠳᠦᠯᠭᠡᠵᠢᠭᠦᠯᠬᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ︽ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠥᠷᠨᠢᠭᠦᠯᠵᠦ᠂ ᠪᠠᠲᠤ | ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠪᠠ ᠣᠳᠣᠨ ᠲᠠᠰ ᠤᠨ ︽ᠳᠡᠯᠭᠡᠨ ᠦᠵᠡᠭᠦᠯᠭᠦ | ᠠᠳᠠᠯᠢᠳᠬᠠᠬᠤ︾ ᠠᠵᠢᠯᠯᠠᠭ᠎ᠠ ᠶᠢ ᠥᠷᠨᠢᠭᠦᠯᠪᠡ᠃ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠤᠷᠮᠠᠰᠢᠭᠤᠯᠤᠨ ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ ᠶᠢ | ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ 8 ᠵᠤᠷᠪᠤᠰ ᠰᠠᠨᠠᠯ ᠢ ᠨᠡᠶᠢᠲᠡᠯᠡᠵᠦ᠂ ᠵᠣᠷᠢᠭᠲᠠᠢ ᠬᠢᠵᠦ | ᠵᠣᠷᠢᠭᠲᠠᠢ ᠠᠵᠢᠯᠯᠠᠬᠤ᠂ ᠰᠡᠳᠬᠢᠯ ᠰᠢᠭᠤᠳᠤᠨ ᠡᠷᠡᠯᠬᠡᠭᠯᠡᠨ ᠤᠷᠤᠭᠰᠢᠯᠠᠬᠤ ᠺᠠᠳ᠋ᠷ ᠢ ᠲᠤᠭ ᠲᠡᠮᠳᠡᠭ ᠲᠣᠳᠣᠷᠬᠠᠢ ᠪᠠᠷ | ᠰᠢᠯᠢᠨ ᠰᠣᠩᠭᠤᠵᠤ᠂ ᠵᠣᠷᠢᠭᠲᠠᠢ ᠰᠢᠨ᠎ᠡ ᠶᠢ ᠡᠭᠦᠳᠬᠦ᠂ ᠪᠣᠳᠠᠲᠠᠢ ᠶᠢ ᠡᠷᠬᠢᠮᠯᠡᠨ ᠠᠵᠢᠯᠯᠠᠬᠤ ᠺᠠᠳ᠋ᠷ ᠤᠨ ᠲᠥᠯᠥᠭᠡ | ᠦᠭᠡ ᠬᠡᠯᠡᠵᠦ ᠲᠦᠰᠢᠭ ᠪᠣᠯᠵᠤ ᠡᠷᠴᠢ ᠵᠣᠷᠢᠭ ᠢ ᠨᠢ ᠬᠥᠪᠴᠢᠯᠡᠵᠦ᠂ ᠬᠤᠶᠠᠷ ᠵᠢᠯ ᠳᠠᠷᠠᠭᠠᠯᠠᠨ ︽ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠰᠢᠯᠭᠠᠷᠠᠭᠤᠯᠬᠤ ᠠᠵᠢᠯ ᠢ ᠥᠷᠨᠢᠭᠦᠯᠵᠦ᠂ | ᠰᠢᠯᠭᠠᠷᠠᠭᠤᠯᠤᠭᠰᠠᠨ 199 ᠬᠥᠮᠥᠨ ᠤ 172 ᠬᠥᠮᠥᠨ ᠢ ᠨᠢᠭᠡᠨᠲᠡ ᠳᠡᠪᠰᠢᠭᠦᠯᠦᠨ ᠬᠦᠨᠳᠦ ᠪᠠᠷ ᠬᠡᠷᠡᠭᠯᠡᠪᠡ᠃ ᠡᠰᠡᠷᠭᠦ | ᠴᠢᠭᠯᠡᠯ ᠢᠶᠠᠷ ᠬᠢᠵᠠᠭᠠᠷᠯᠠᠬᠤ ᠲᠠᠯ᠎ᠠ ᠪᠠᠷ᠂ ᠤᠳᠤᠷᠢᠳᠬᠤ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠲᠣᠭᠲᠠᠭᠠᠯ ᠢ | ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠮᠵᠢ ᠦᠭᠡᠢ 448 | ᠺᠠᠳ᠋ᠷ ᠲᠤ ᠲᠣᠬᠢᠷᠠᠭᠤᠯᠤᠯᠲᠠ ᠬᠢᠪᠡ᠃ ᠬᠥᠬᠢᠭᠦᠯᠦᠨ ᠱᠠᠩᠨᠠᠬᠤ᠂ ᠳᠡᠪᠰᠢᠭᠦᠯᠬᠦ ᠪᠠ ᠰᠣᠩᠭᠤᠨ ᠬᠡᠷᠡᠭᠯᠡᠬᠦ ᠵᠠᠩᠭᠢᠯᠠᠭ᠎ᠠ ᠶᠢ | ᠴᠢᠩᠭ᠎ᠠ ᠠᠳᠬᠤᠵᠤ᠂ ᠡᠩ ᠤᠨ ᠴᠠᠭ ᠲᠤ ᠬᠤᠶᠢᠷᠭᠤ ᠵᠠᠯᠬᠠᠭᠤ ᠠᠵᠢᠯ ᠬᠢᠬᠦ ᠦᠭᠡᠢ ᠪᠤᠶᠤ ᠦᠩᠭᠡᠨ ᠲᠠᠯ᠎ᠠ ᠶᠢᠨ | ᠠᠵᠢᠯ ᠬᠢᠬᠦ᠂ ᠵᠠᠪᠰᠢᠶᠠᠨ ᠦᠵᠡᠮᠡᠭᠴᠡ ᠠᠷᠭ᠎ᠠ ᠪᠤᠳᠤᠨ ᠶᠡᠭᠡ ᠠᠵᠢᠯ ᠬᠢᠵᠦ ᠪᠠᠶᠢᠬᠤ ᠪᠠᠷ ᠣᠪᠯᠠᠳᠠᠭ ᠺᠠᠳ᠋ᠷ ᠢ ᠢᠯᠭᠠᠨ | ᠭᠠᠷᠭᠠᠵᠤ᠂ ᠬᠡᠯᠪᠡᠷᠢᠴᠢ ᠦᠵᠡᠯ ᠲᠠᠢ ᠬᠥᠮᠥᠰ ᠲᠤ ᠠᠰᠢᠭ ᠣᠯᠭᠤᠬᠤ ᠦᠭᠡᠢ ᠮᠥᠷᠲᠡᠭᠡᠨ ᠵᠠᠯᠬᠠᠭᠠᠯ ᠥᠭᠴᠦ᠂ | ᠥᠷᠭᠡᠨ ᠤᠯᠠᠨ ᠺᠠᠳ᠋ᠷᠴᠤᠳ ᠲᠤ ᠦᠨᠡᠨ ᠪᠣᠳᠠᠲᠠᠢ ᠠᠵᠢᠯᠯᠠᠪᠠᠯ ᠢᠷᠡᠭᠡᠳᠦᠢ ᠲᠠᠢ᠂ ᠬᠡᠢ ᠬᠤᠭᠤᠰᠤᠨ ᠢ | ᠬᠥᠭᠡᠭᠡᠴᠡᠯᠳᠦᠪᠡᠯ ᠭᠠᠷᠬᠤ ᠵᠠᠮ ᠦᠭᠡᠢ ᠭᠡᠳᠡᠭ ᠢ ᠲᠠᠨᠢᠭᠤᠯᠪᠠ᠃ | ᠶᠡᠷᠦᠩᠬᠡᠢ ᠱᠦᠵᠢ ᠰᠢ ᠶᠢᠨ ᠫᠢᠩ᠂ ᠬᠡᠯᠪᠡᠷᠢᠴᠢ ᠦᠵᠡᠯ ᠨᠣᠶᠠᠨᠴᠢ ᠰᠤᠷᠲᠠᠯ ᠤᠨ ᠤᠷᠰᠢᠭ ᠭᠡᠮ ᠨᠢᠭᠡ ᠯᠡ | ᠴᠠᠭ ᠢᠶᠠᠷ ᠡᠭᠦᠰᠦᠭᠰᠡᠨ ᠪᠢᠰᠢ᠂ ᠦᠨᠳᠦᠰᠦᠨ ᠱᠠᠲᠤᠨ ᠤ ᠳᠠᠷᠤᠭᠠᠰᠤ ᠶᠢ ᠦᠨᠳᠦᠰᠦ ᠠᠴᠠ ᠨᠢ ᠬᠥᠩᠭᠡᠷᠡᠭᠦᠯᠬᠦ ᠨᠢ | ᠴᠦ ᠨᠢᠭᠡ ᠯᠡ ᠡᠳᠦᠷ ᠤᠨ ᠴᠢᠷᠮᠠᠶᠢᠯᠭ᠎ᠠ ᠪᠠᠷ ᠪᠡᠶᠡᠯᠡᠭᠳᠡᠬᠦ ᠪᠢᠰᠢ ᠶᠤᠮ ᠭᠡᠵᠦ ᠵᠢᠭᠠᠵᠤ ᠭᠠᠷᠭᠠᠪᠠ᠃ ᠥᠪᠥᠷ ᠮᠣᠩᠭᠤᠯ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠬᠡᠯᠪᠡᠷᠢᠴᠢ | ᠦᠵᠡᠯ᠂ ᠨᠣᠶᠠᠨᠴᠢ ᠰᠤᠷᠲᠠᠯ ᠢ ᠰᠡᠷᠭᠡᠶᠢᠯᠡᠨ ᠵᠠᠰᠠᠬᠤ ᠳᠦᠷᠢᠮ ᠲᠣᠭᠲᠠᠴᠠ ᠶᠢ ᠪᠦᠷᠢᠨᠰᠢᠭᠦᠯᠬᠦ︾᠂ ︽ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ︾ | ᠵᠡᠷᠭᠡ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠷᠳᠤ ᠬᠤᠭᠤᠴᠠᠭ᠎ᠠ | ᠬᠤᠪᠢᠷᠠᠰᠢ ᠦᠭᠡᠢ ᠰᠢᠷᠭᠠᠭᠤ ᠴᠢᠷᠮᠠᠶᠢᠵᠤ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠵᠤ᠂ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠰᠢᠨ᠎ᠡ ᠬᠠᠷᠢᠭᠤᠯᠲᠠ ᠶᠢᠨ | ᠬᠠᠭᠤᠳᠠᠰᠤ ᠶᠢ ᠴᠢᠷᠮᠠᠶᠢᠨ ᠲᠤᠰᠢᠶᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠨ᠎ᠡ᠃ | ︵ᠵᠣᠬᠢᠶᠠᠭᠴᠢ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠡᠰᠢᠭᠦᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠭᠢᠯᠡᠭᠴᠢ︶ | ︵︽ᠰᠤᠷᠤᠯᠴᠠᠯᠭ᠎ᠠ ᠬᠢᠭᠡᠳ ᠰᠤᠳᠤᠯᠤᠯ︾ ᠰᠡᠳᠬᠦᠯ ᠤᠨ 2025 ᠣᠨ ᠤ 3 ᠳ᠋ᠤᠭᠠᠷ ᠬᠤᠭᠤᠴᠠᠭ᠎ᠠ ᠳᠤ | ᠨᠡᠶᠢᠲᠡᠯᠡᠪᠡ︶ | |