ᠮᠠᠯᠵᠢᠬᠤ ᠣᠷᠣᠨ ᠳᠤ ᠰᠢᠨ᠎ᠡ ᠮᠡᠳᠡᠯᠭᠡ ᠮᠡᠷᠭᠡᠵᠢᠯ ᠡᠵᠡᠮᠰᠢᠭᠰᠡᠨ ᠮᠠᠯᠴᠢᠳ ᠡᠳᠦᠷ ᠢᠷᠡᠬᠦᠶ᠎ᠡ ᠣᠯᠠᠰᠢᠷᠠᠵᠤ᠂ ᠮᠠᠯ | ᠠᠵᠤ ᠠᠬᠤᠢ ᠶᠢᠨ ᠦᠢᠯᠡᠳᠪᠦᠷᠢᠯᠡᠯ ᠳᠡᠭᠡᠨ ᠲᠤᠯᠭᠠᠭᠤᠷᠢᠯᠠᠬᠤ ᠬᠦᠴᠦᠨ ᠪᠣᠯᠵᠤ ᠪᠠᠶᠢᠬᠤ ᠨᠢ ᠬᠥᠳᠡᠭᠡ ᠣᠷᠣᠨ ᠨᠤᠲᠤᠭ ᠢ | ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠲᠠᠢ ᠶᠠᠪ ᠴᠠᠪ ᠨᠡᠶᠢᠴᠡᠨ᠎ᠡ᠃ ᠡᠳᠡᠬᠡᠷ ᠮᠠᠯᠴᠢᠨ ᠰᠤᠷᠴᠤ ᠡᠵᠡᠮᠰᠢᠭᠰᠡᠨ | ᠮᠡᠳᠡᠯᠭᠡ ᠮᠡᠷᠭᠡᠵᠢᠯ ᠪᠠ ᠥᠪᠡᠷ ᠤᠨ ᠴᠢᠷᠮᠠᠶᠢᠯᠭ᠎ᠠ ᠪᠠᠷ ᠢᠶᠠᠨ ᠬᠡᠷᠡᠭᠲᠡᠢ ᠵᠦᠢᠯᠡᠰ ᠢ ᠬᠢᠵᠦ ᠪᠦᠲᠦᠭᠡᠵᠦ ᠪᠠᠶᠢᠭ᠎ᠠ ᠶᠤᠮ᠃ | ᠰᠢᠨ᠎ᠡ ᠴᠠᠭ ᠦᠶ᠎ᠡ ᠶᠢᠨ ᠮᠠᠯᠵᠢᠬᠤ ᠦᠢᠯᠡᠳᠪᠦᠷᠢᠯᠡᠯ ᠠᠮᠢᠳᠤᠷᠠᠯ ᠳᠤ ᠰᠣᠶᠣᠯ ᠮᠡᠳᠡᠯᠭᠡ ᠶᠢ ᠡᠷᠬᠢᠮᠯᠡᠳᠡᠭ ᠮᠡᠷᠭᠡᠵᠢᠯ | ᠪᠣᠯᠪᠠᠰᠤᠷᠠᠯ ᠲᠠᠢ ᠮᠠᠯᠴᠢᠳ ᠱᠠᠭᠠᠷᠳᠠᠭᠳᠠᠵᠤ ᠪᠠᠶᠢᠭ᠎ᠠ ᠶᠤᠮ᠃ ᠮᠠᠨ ᠤ ᠬᠥᠳᠡᠭᠡ ᠶᠢᠨ ᠮᠠᠯᠵᠢᠬᠤ ᠦᠢᠯᠡᠳᠪᠦᠷᠢᠯᠡᠯ ᠳᠤ | ᠮᠠᠯᠴᠢᠳ ᠥᠪᠡᠷᠰᠡᠳ ᠤᠨ ᠠᠪᠢᠶᠠᠰ ᠴᠢᠳᠠᠪᠤᠷᠢ᠂ ᠬᠦᠴᠦ ᠬᠥᠯᠥᠰᠦ᠂ ᠨᠠᠨᠳᠢᠨ ᠬᠦᠳᠡᠯᠮᠦᠷᠢ ᠪᠠᠷ ᠢᠶᠠᠨ ᠠᠵᠢᠯ ᠦᠢᠯᠡᠰ | ᠪᠣᠰᠬᠠᠬᠤ ᠬᠦᠰᠡᠯ ᠵᠣᠷᠢᠯᠲᠠ ᠲᠠᠢ ᠶᠠᠪᠤᠬᠤ ᠨᠢ ᠵᠦᠢᠲᠡᠢ᠃ ᠬᠥᠳᠡᠭᠡ ᠣᠷᠣᠨ ᠨᠤᠲᠤᠭ ᠢᠶᠠᠨ ᠬᠥᠭᠵᠢᠭᠦᠯᠦᠨ ᠮᠠᠨᠳᠤᠭᠤᠯᠬᠤ | ᠡᠭᠦᠷᠭᠡ ᠬᠠᠷᠢᠭᠤᠴᠠᠯᠭ᠎ᠠ ᠮᠠᠯᠴᠢᠳ ᠤᠨ ᠬᠤᠶᠠᠷ ᠮᠥᠷᠥᠨ ᠳᠡᠭᠡᠷ᠎ᠡ ᠲᠠᠯᠪᠢᠭᠳᠠᠵᠤ ᠪᠠᠶᠢᠳᠠᠭ᠃ ᠨᠤᠲᠤᠭ ᠤᠰᠤ ᠪᠠᠨ | ᠬᠥᠭᠵᠢᠭᠦᠯᠬᠦ ᠳᠤ ᠤᠶᠤᠨ ᠤᠬᠠᠭᠠᠨ᠂ ᠤᠭᠤᠷᠠᠭ ᠲᠠᠷᠢᠬᠢ ᠪᠠᠨ ᠰᠢᠪᠬᠠᠨ᠂ ᠥᠷᠭᠡᠨ ᠤᠯᠠᠨ ᠮᠠᠯᠴᠢᠨ ᠲᠦᠮᠡᠨ ᠳᠡᠭᠡᠨ | ᠦᠢᠯᠡᠴᠢᠯᠡᠬᠦ ᠶᠢᠨ ᠳᠠᠭᠠᠤ ᠥᠪᠡᠷ ᠢᠶᠠᠨ ᠴᠤ ᠶᠡᠬᠡᠬᠡᠨ ᠮᠠᠯᠵᠢᠯ ᠤᠨ ᠪᠤᠰᠤ ᠤᠷᠤᠯᠭ᠎ᠠ ᠣᠯᠵᠤ᠂ ᠴᠠᠭ ᠲᠤᠬᠢᠶᠠᠯ ᠢ ᠠᠯᠳᠠᠯ | ᠦᠭᠡᠢ ᠴᠢᠷᠮᠠᠶᠢᠨ ᠠᠵᠢᠯᠯᠠᠵᠤ ᠪᠠᠶᠢᠬᠤ ᠨᠢ ᠶᠠᠭᠤᠲᠠᠢ ᠰᠠᠶᠢᠬᠠᠨ ᠠᠵᠢ᠃ ᠡᠳᠡᠬᠡᠷ ᠮᠠᠯᠴᠢᠳ ᠤᠨ ᠰᠢᠷᠭᠠᠭᠤ ᠣᠷᠣᠯᠳᠣᠯᠭ᠎ᠠ᠂ | ᠰᠢᠨᠲᠠᠷᠠᠰᠢ ᠦᠭᠡᠢ ᠵᠣᠷᠢᠭ ᠠᠴᠠ ᠠᠵᠢᠯ ᠦᠢᠯᠡᠰ ᠤᠨ ᠠᠮᠵᠢᠯᠲᠠ ᠶᠢᠨ ᠲᠣᠷᠭᠠᠨ ᠬᠠᠷᠭᠤᠢ ᠲᠣᠳᠣᠷᠠᠵᠤ ᠪᠠᠶᠢᠨ᠎ᠠ᠃ | ᠡᠯᠡᠰᠦᠨ ᠨᠤᠲᠤᠭ ᠤᠨ ᠢᠶᠠᠨ ᠡᠯᠢᠭᠡᠨ ᠳᠤ ᠡᠬᠡᠯ ᠪᠣᠷᠣᠭᠵᠢᠭᠤᠨ ᠮᠠᠯᠴᠢᠨ ᠠᠮᠢᠳᠤᠷᠠᠯ ᠳᠠᠭᠠᠨ ᠢᠳᠡᠭᠡᠰᠢᠵᠦ᠂ ᠪᠤᠳᠤᠯ | ᠰᠡᠳᠬᠢᠯ ᠤᠨ ᠭᠦᠨ ᠳᠡᠭᠡᠨ ᠤᠯᠠᠮᠵᠢᠯᠠᠯᠲᠤ ᠪᠤᠷᠭᠠᠰᠤᠨ ᠰᠣᠶᠣᠯ ᠢᠶᠠᠨ ᠥᠪᠯᠡᠨ ᠤᠯᠠᠮᠵᠢᠯᠠᠬᠤ ᠪᠠᠷ ᠵᠣᠷᠢᠭᠯᠠᠵᠤ᠂ ᠴᠠᠭ | ᠲᠤᠬᠢᠶᠠᠯ ᠢ ᠠᠯᠳᠠᠯ ᠦᠭᠡᠢ ᠴᠢᠷᠮᠠᠶᠢᠨ ᠠᠵᠢᠯᠯᠠᠵᠤ ᠪᠠᠶᠢᠭ᠎ᠠ ᠲᠡᠮᠦᠷᠪᠠᠭᠠᠨ᠎ᠠ ᠪᠣᠯ ᠰᠢᠯᠤᠭᠤᠨ ᠬᠥᠬᠡ ᠬᠤᠰᠢᠭᠤᠨ ᠤ | ᠰᠠᠩ ᠤᠨ ᠲᠠᠯᠠᠢ ᠪᠠᠯᠭᠠᠰᠤᠨ ᠤ ᠲᠠᠪᠤᠨ ᠤᠳᠤ ᠭᠠᠴᠠᠭᠠᠨ ᠤ ᠮᠠᠯᠴᠢᠨ ᠪᠢᠯᠡ᠃ ᠴᠠᠭ ᠠᠭᠠᠷ ᠤᠨ ᠬᠤᠪᠢᠷᠠᠯᠲᠠ᠂ ᠨᠡᠶᠢᠭᠡᠮ ᠤᠨ | ᠬᠥᠭᠵᠢᠯᠲᠡ ᠶᠢ ᠳᠠᠭᠠᠯᠳᠤᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ᠂ ᠨᠤᠲᠤᠭ ᠰᠡᠯᠭᠦᠨ ᠮᠠᠯ ᠮᠠᠯᠵᠢᠬᠤ᠂ | ᠰᠢᠨᠵᠢᠯᠡᠬᠦ ᠤᠬᠠᠭᠠᠨᠴᠢ ᠪᠠᠷ ᠮᠠᠯ ᠮᠠᠯᠵᠢᠬᠤ ᠠᠷᠭ᠎ᠠ ᠮᠠᠶ᠋ᠢᠭ ᠢ ᠣᠮᠲᠣᠭᠠᠶᠢᠯᠠᠭᠰᠠᠨ ᠵᠡᠷᠭᠡ ᠰᠢᠯᠲᠠᠭᠠᠨ ᠠᠴᠠ ᠤᠷᠤᠯᠭ᠎ᠠ | ᠪᠠᠭᠠᠰᠴᠤ᠂ ᠮᠠᠯᠵᠢᠬᠤ ᠦᠢᠯᠡᠳᠪᠦᠷᠢᠯᠡᠯ ᠤᠨ ᠥᠪᠡᠷ ᠤᠨ ᠦᠷᠳᠡᠭ ᠨᠡᠮᠡᠭᠳᠡᠭᠰᠡᠨ ᠵᠡᠷᠭᠡ ᠰᠢᠯᠲᠠᠭᠠᠨ ᠠᠴᠠ ᠲᠡᠮᠦᠷᠪᠠᠭᠠᠨ᠎ᠠ ᠶᠢᠨ | ᠬᠢ ᠰᠢᠭ ᠲᠠᠪᠤᠨ ᠬᠤᠰᠢᠭᠤ ᠮᠠᠯ ᠢᠶᠠᠨ ᠪᠦᠷᠢᠨ ᠪᠦᠲᠦᠨ ᠢᠶᠠᠷ ᠨᠢ ᠮᠠᠯᠵᠢᠵᠤ ᠪᠠᠶᠢᠭ᠎ᠠ ᠡᠷᠦᠬᠡ ᠴᠥᠭᠡᠨ ᠬᠠᠷᠠᠭᠳᠠᠬᠤ | ᠪᠣᠯᠵᠠᠢ᠃ | ᠮᠠᠯᠴᠢᠨ ᠬᠥᠮᠥᠨ ᠮᠢᠩᠭᠠᠨ ᠮᠡᠷᠭᠡᠵᠢᠯ ᠲᠠᠢ ᠭᠡᠳᠡᠭ᠃ ᠲᠡᠮᠦᠷᠪᠠᠭᠠᠨ᠎ᠠ ᠭᠠᠷ ᠤᠷᠠᠨ᠂ ᠵᠠᠪ ᠯᠡ ᠭᠠᠷᠪᠠᠯ ᠡᠨᠡ ᠲᠡᠷᠡ ᠪᠠᠨ ᠬᠢᠵᠦ | ᠤᠷᠤᠯᠳᠤᠳᠠᠭ ᠬᠥᠮᠥᠨ ᠤ ᠨᠢᠭᠡ ᠪᠢᠯᠡ᠃ ᠮᠥᠨ ᠣᠶᠢᠷ᠎ᠠ ᠶᠢᠨ ᠬᠤᠷᠢᠭᠠᠳ ᠵᠢᠯ ᠳᠤ ᠳᠡᠮᠡᠢ ᠬᠠᠷᠠᠭᠳᠠᠬᠤ ᠦᠭᠡᠢ ᠪᠣᠯᠵᠤ | ᠤᠰᠠᠳᠬᠤ ᠰᠢᠬᠠᠭᠰᠠᠨ ᠡᠯ᠎ᠡ ᠵᠦᠢᠯ ᠤᠨ ᠪᠤᠷᠭᠠᠰᠤᠨ ᠭᠦᠷᠦᠮᠡᠯ᠂ ᠮᠣᠳᠣᠨ ᠡᠳ᠋ᠯᠡᠯ ᠤᠨ ᠵᠦᠢᠯᠡᠰ ᠤᠳ ᠲᠡᠭᠦᠨ ᠤ ᠭᠠᠷ ᠢᠶᠠᠷ | ᠤᠤᠯ ᠲᠥᠷᠬᠦ ᠪᠠᠨ ᠰᠡᠷᠭᠦᠭᠡᠵᠦ᠂ ᠤᠯᠠᠨ ᠤ ᠮᠡᠯᠮᠡᠢ ᠶᠢ ᠪᠠᠶᠠᠰᠬᠠᠵᠤ ᠪᠠᠶᠢᠨ᠎ᠠ᠃ ᠲᠡᠷᠡᠪᠡᠷ ᠣᠶᠢᠷ᠎ᠠ ᠶᠢᠨ ᠬᠡᠳᠦᠨ ᠵᠢᠯ ᠳᠤ | ᠪᠤᠷᠭᠠᠰᠤᠨ ᠮᠣᠩᠭᠤᠯ ᠭᠡᠷ᠂ ᠵᠠᠮᠪᠠ᠂ ᠵᠤᠭᠤᠯᠢ᠂ ᠠᠷᠤᠭ᠂ ᠲᠡᠮᠡᠭᠡᠨ ᠲᠡᠩᠨᠡᠭᠦᠷ ᠤᠨ ᠳᠥᠷᠪᠡᠯᠵᠢᠨ ᠠᠷᠤᠭ᠂ ᠮᠣᠳᠣᠨ ᠰᠠᠪᠠᠷ᠂ | ᠮᠣᠳᠣᠨ ᠦᠬᠡᠷ ᠲᠡᠷᠭᠡ᠂ ᠲᠡᠮᠡᠭᠡᠨ ᠲᠡᠷᠭᠡ᠂ ᠲᠡᠮᠡᠭᠡᠨ ᠴᠢᠷᠭ᠎ᠠ ᠵᠡᠷᠭᠡ ᠤᠯᠠᠨ ᠵᠦᠢᠯ ᠤᠨ ᠪᠤᠷᠭᠠᠰᠤ᠂ ᠮᠣᠳᠣᠨ ᠡᠳ᠋ᠯᠡᠯ | ᠬᠡᠷᠡᠭᠰᠡᠯ ᠢ ᠬᠢᠬᠦ ᠪᠣᠯᠵᠠᠢ᠃ ᠳᠡᠷᠡ ᠬᠡᠰᠢᠭᠲᠡᠨ ᠬᠤᠰᠢᠭᠤᠨ ᠤ ᠤᠯᠠᠭᠠᠨ ᠪᠤᠳᠤᠩ ᠤᠨ ᠵᠤᠭᠠᠴᠠᠯ᠂ ᠬᠡᠬᠡᠨ ᠲᠠᠯ᠎ᠠ ᠵᠤᠭᠠᠴᠠᠯ ᠤᠨ | ᠭᠠᠵᠠᠷ ᠵᠡᠷᠭᠡ ᠵᠤᠭᠠᠴᠠᠯ ᠪᠣᠯᠣᠨ ᠣᠷᠣᠨ ᠨᠤᠲᠤᠭ ᠤᠨ ᠵᠤᠭᠠᠴᠠᠯ ᠤᠨ ᠴᠡᠭ ᠤᠨ ᠵᠠᠬᠢᠶᠠᠯᠠᠭ᠎ᠠ ᠶᠢ ᠲᠤᠰᠴᠤ | ᠪᠣᠷᠣᠯᠠᠭᠤᠯᠤᠭᠠᠳ᠂ ᠮᠠᠯᠵᠢᠯ ᠤᠨ ᠪᠤᠰᠤ ᠤᠷᠤᠯᠭ᠎ᠠ ᠣᠯᠵᠤ ᠠᠮᠢᠳᠤᠷᠠᠯ ᠠᠬᠤᠢ ᠪᠠᠨ ᠥᠭᠡᠳᠡ ᠪᠠᠨ ᠲᠠᠲᠠᠵᠤ ᠭᠢᠯᠠᠷᠠᠭᠤᠯᠵᠤ | ᠶᠠᠪᠤᠨ᠎ᠠ᠃ | ᠲᠡᠮᠦᠷᠪᠠᠭᠠᠨ᠎ᠠ ᠶᠢᠨ ᠠᠵᠢᠯᠰᠠᠭ ᠨᠢᠮᠪᠠᠢ ᠶᠢ ᠣᠶᠢᠷ᠎ᠠ ᠬᠠᠪᠢ ᠶᠢᠨ ᠬᠢᠨᠢ ᠮᠠᠯᠴᠢᠳ ᠰᠠᠶᠢᠨ ᠮᠡᠳᠡᠨ᠎ᠡ᠃ ᠡᠳᠡᠨ ᠤ ᠵᠠᠭᠤ | ᠭᠠᠷᠤᠢ ᠵᠢᠯ ᠤᠨ ᠲᠡᠦᠬᠡ ᠲᠠᠢ ᠮᠣᠩᠭᠤᠯ ᠭᠡᠷ ᠤᠨ ᠤᠨᠢ᠂ ᠬᠠᠨ᠎ᠠ᠂ ᠲᠣᠭᠤᠨᠣ᠂ ᠬᠠᠭᠠᠯᠭ᠎ᠠ ᠨᠢ ᠰᠠᠶᠢᠨ ᠢᠶᠠᠷ ᠢᠶᠠᠨ ᠪᠠᠶᠢᠨ᠎ᠠ᠃ | ᠲᠡᠷᠡ ᠡᠨᠡᠬᠦ ᠥᠨᠢ ᠤᠳᠠᠭᠠᠨ ᠤ ᠰᠠᠯᠬᠢ ᠪᠣᠷᠣᠭᠠᠨ ᠢ ᠲᠤᠭᠤᠯᠵᠤ ᠢᠷᠡᠭᠰᠡᠨ ᠮᠣᠩᠭᠤᠯ ᠭᠡᠷ ᠢᠶᠠᠨ ᠨᠠᠨᠳᠢᠩᠨᠠᠨ ᠬᠠᠳᠠᠭᠠᠯᠠᠵᠤ᠂ | ᠤᠵᠤᠭᠤᠷ ᠤᠨ ᠨᠠᠰᠤᠲᠠᠶᠢᠴᠤᠳ ᠤᠨ ᠬᠡᠷᠡᠭᠯᠡᠵᠦ ᠪᠠᠶᠢᠭᠰᠠᠨ ᠲᠤᠯᠭ᠎ᠠ᠂ ᠡᠷᠭᠢᠨᠡᠭ᠂ ᠠᠪᠳᠠᠷ᠎ᠠ ᠬᠤᠷᠭᠤ ᠵᠡᠷᠭᠡ ᠵᠦᠢᠯ ᠢ | ᠪᠦᠷᠢᠨᠰᠢᠭᠦᠯᠵᠦ᠂ ᠦᠵᠡᠰᠬᠦᠯᠡᠩ ᠡᠷᠬᠢᠯᠡᠬᠦ ᠰᠠᠨᠠᠭᠠᠲᠠᠢ ᠪᠠᠶᠢᠭ᠎ᠠ ᠪᠠᠨ ᠶᠠᠷᠢᠵᠤ ᠪᠠᠶᠢᠭᠰᠠᠨ ᠪᠢᠯᠡ᠃ | ᠡᠷᠲᠡ ᠳᠡᠭᠡᠳᠦ ᠠᠴᠠ ᠪᠠᠨ ᠤᠯᠠᠮᠵᠢᠯᠠᠭᠰᠠᠨ ᠪᠤᠷᠭᠠᠰᠤ ᠮᠣᠳᠣᠨ ᠰᠣᠶᠣᠯ ᠢ ᠥᠪᠯᠡᠨ ᠤᠯᠠᠮᠵᠢᠯᠠᠬᠤ ᠳᠤ ᠬᠤᠪᠢ | ᠨᠡᠮᠡᠷᠢ ᠪᠠᠨ ᠦᠵᠡᠭᠦᠯᠵᠦ᠂ ᠵᠦᠢᠲᠡᠢ ᠦᠢᠯᠡ ᠪᠠᠷ ᠢᠶᠠᠨ ᠤᠯᠠᠨ ᠳᠠᠭᠠᠨ ᠳᠠᠭᠤᠷᠢᠶᠠᠯ ᠪᠣᠯᠵᠤ ᠪᠠᠶᠢᠭ᠎ᠠ ᠴᠠᠬᠠᠷ ᠨᠤᠲᠤᠭ ᠤᠨ | ᠮᠠᠯᠴᠢᠨ ᠲᠡᠮᠦᠷᠪᠠᠭᠠᠨ᠎ᠠ ᠶᠢᠨ ᠠᠮᠢᠳᠤᠷᠠᠬᠤᠢ ᠶᠢᠨ ᠠᠷᠭ᠎ᠠ ᠲᠤᠷᠰᠢᠯᠭ᠎ᠠ ᠨᠢ ᠮᠠᠭᠲᠠᠭᠤᠰᠢᠲᠠᠢ᠃ ᠰᠣᠨᠣᠰᠴᠤ ᠰᠠᠭᠤᠬᠤ ᠪᠠᠷ | ᠬᠢᠵᠦ ᠰᠤᠷ ᠬᠡᠳᠡᠭ ᠦᠨᠡᠨ ᠠᠵᠤᠭᠤ᠃ | | | |