ᠰᠢᠯᠢ ᠶᠢᠨ ᠬᠤᠲᠠ ᠶᠢᠨ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/24
     3 ᠳ᠋ᠤᠭᠠᠷ ᠰᠠᠷ᠎ᠠ ᠶᠢᠨ 17 ᠤ ᠡᠳᠦᠷ᠂  ᠰᠢᠯᠢ ᠶᠢᠨ ᠬᠤᠲᠠ  ᠶᠢᠨ ᠨᠠᠮ ᠤᠨ ᠬᠤᠷᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠸᠠᠩ ᠰᠢᠸ ᠬᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠦᠨ ᠶᠦᠩ ᠸᠧᠨ ᠬᠤᠷᠠᠯ ᠡᠷᠭᠢᠯᠡᠭᠰᠡᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠵᠡᠢ᠃     ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ   ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠡᠰᠡᠭ ᠰᠤᠮᠤ ᠪᠠᠯᠭᠠᠰᠤ᠂ ᠲᠠᠯᠠᠪᠠᠢ   ᠳᠤ ᠨᠡᠶᠢᠲᠡᠯᠢᠭ ᠶᠠᠷᠢᠶ᠎ᠠ ᠲᠠᠯᠪᠢᠪᠠ᠃     ᠬᠤᠷᠠᠯ ᠠᠴᠠ᠂ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠦᠨ ᠲᠠᠨᠢᠯᠲᠠ ᠪᠠᠨ ᠭᠦᠨᠵᠡᠭᠡᠶᠢᠷᠡᠭᠦᠯᠵᠦ᠂ ︽ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ︾  ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠪᠤᠴᠠ ᠳᠤ ᠮᠠᠯᠴᠢᠨ ᠲᠠᠷᠢᠶᠠᠴᠢᠨ ᠢ ᠦᠷᠭᠦᠯᠵᠢᠯᠡᠨ ᠲᠠᠶᠢᠴᠢᠯᠠᠨ ᠪᠠᠶᠠᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ︽ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠠᠵᠢᠯ ᠳᠠᠬᠢ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠬᠡᠷᠡᠭᠯᠡᠵᠦ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号