ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ | ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠣᠷᠴᠢᠨ | ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠠᠶᠠᠨᠪᠤᠯᠠᠭ ᠰᠤᠮᠤ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠡᠯ᠎ᠡ ᠵᠦᠢᠯ ᠤᠨ ᠠᠵᠢᠯ ᠢ ᠥᠷᠨᠢᠭᠦᠯᠪᠡ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ | ᠪᠣᠳᠠᠲᠠᠶᠢᠵᠢᠭᠤᠯᠪᠠ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠬᠠᠷᠢᠶ᠎ᠠ ᠣᠷᠣᠨ ᠤ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ ᠬᠤᠷᠠᠯ ᠬᠤᠷᠠᠯᠳᠤᠭᠤᠯᠵᠤ᠂ ᠭᠠᠯ ᠰᠡᠷᠭᠡᠶᠢᠯᠡᠬᠦ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠭᠠᠯ | ᠰᠡᠷᠭᠡᠶᠢᠯᠡᠬᠦ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠭᠠᠯ ᠰᠡᠷᠭᠡᠶᠢᠯᠡᠬᠦ ᠠᠵᠢᠯ ᠤᠨ ᠡᠮᠬᠢ ᠵᠢᠷᠤᠮ ᠲᠠᠢ | ᠶᠠᠪᠤᠭᠳᠠᠬᠤ ᠶᠢ ᠦᠨᠡᠨᠬᠦ ᠪᠠᠲᠤᠯᠠᠬᠤ ᠶᠢ ᠴᠢᠩᠭᠠᠳᠬᠠᠪᠠ᠃ ᠭᠠᠴᠠᠭ᠎ᠠ᠂ ᠠᠵᠤ ᠠᠬᠤᠶᠢᠯᠠᠯ ᠯᠤᠭ᠎ᠠ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ᠂ ᠭᠠᠯ ᠰᠡᠷᠭᠡᠶᠢᠯᠡᠬᠦ ᠠᠵᠢᠯ ᠢ ᠬᠠᠮᠢᠶᠠᠷᠬᠤ ᠬᠥᠮᠥᠨ ᠲᠠᠢ᠂ ᠬᠠᠷᠢᠭᠤᠴᠠᠬᠤ ᠬᠥᠮᠥᠨ ᠲᠠᠢ᠂ | ᠲᠣᠭᠲᠠᠮᠠᠯ ᠬᠤᠭᠤᠴᠠᠭ᠎ᠠ ᠲᠠᠢ ᠪᠠᠷ ᠭᠠᠯ ᠰᠡᠷᠭᠡᠶᠢᠯᠡᠬᠦ ᠠᠵᠢᠯ ᠤᠨ ᠬᠤᠷᠠᠯ ᠢ ᠬᠤᠷᠠᠯᠳᠤᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ᠃ | |