3 ᠳ᠋ᠤᠭᠠᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠪᠣᠷᠣᠯᠠᠭᠤᠯᠬᠤ ᠠᠵᠤ ᠠᠬᠤᠶᠢᠯᠠᠯ ︵ᠪᠡᠭᠡᠵᠢᠩ︶ ᠤᠨ ᠬᠠᠮᠲᠤ ᠳᠤ ᠪᠠᠨ ᠠᠰᠢᠭᠯᠠᠬᠤ ᠪᠡᠯᠡᠳᠬᠡᠯ | ᠬᠥᠮᠥᠷᠭᠡ ᠶᠢᠨ ᠨᠡᠭᠡᠭᠡᠯᠲᠡ ᠶᠢᠨ ᠶᠣᠰᠣᠯᠠᠯ ᠪᠡᠭᠡᠵᠢᠩ ᠬᠤᠲᠠ ᠶᠢᠨ ᠱᠦᠨ ᠢ ᠲᠣᠭᠤᠷᠢᠭ ᠲᠤ ᠶᠠᠪᠤᠭᠳᠠᠪᠠ᠂ ᠡᠨᠡ | ᠪᠣᠯ ᠵᠡᠭᠦᠨ ᠪᠠᠷᠠᠭᠤᠨ ᠣᠷᠣᠨ ᠬᠠᠮᠵᠢᠯᠴᠠᠭᠰᠠᠨ 18 ᠮᠤᠵᠢ ᠣᠷᠣᠨ ᠬᠤᠲᠠ ᠳᠠᠬᠢ ᠮᠤᠵᠢ ᠶᠢᠨ ᠳᠡᠰ ᠤᠨ | ᠠᠩᠬᠠᠳᠠᠭᠴᠢ ᠪᠡᠯᠡᠳᠬᠡᠯ ᠬᠥᠮᠥᠷᠭᠡ ᠪᠣᠯᠣᠨ᠎ᠠ᠃ ᠪᠡᠭᠡᠵᠢᠩ ᠳᠠᠬᠢ ᠪᠡᠯᠡᠳᠬᠡᠯ ᠬᠥᠮᠥᠷᠭᠡ ᠶᠢ ᠲᠤᠰ ᠲᠤᠰ ᠱᠦᠨ ᠢ | ᠲᠣᠭᠤᠷᠢᠭ ᠪᠠ ᠹᠠᠩ ᠱᠠᠨ ᠲᠣᠭᠤᠷᠢᠭ ᠬᠤᠶᠠᠷ ᠭᠠᠵᠠᠷ ᠲᠤ ᠲᠣᠬᠢᠷᠠᠭᠤᠯᠵᠤ ᠪᠠᠶᠢᠷᠢᠯᠠᠭᠤᠯᠪᠠ᠂ ᠥᠨᠳᠥᠷ ᠪᠠᠷᠢᠮᠵᠢᠶᠠᠲᠤ | ᠬᠥᠮᠥᠷᠭᠡ ᠶᠢᠨ ᠲᠣᠬᠢᠷᠠᠭᠤᠯᠤᠯᠲᠠ ᠶᠢ ᠬᠡᠷᠡᠭᠵᠢᠭᠦᠯᠵᠦ᠂ ᠬᠡᠪ ᠤᠨ ᠳᠤᠯᠠᠭᠠᠨ ᠤ ᠬᠥᠮᠥᠷᠭᠡ ᠪᠠ ᠬᠦᠢᠲᠡᠨ ᠬᠥᠮᠥᠷᠭᠡ ᠶᠢ | ᠲᠣᠬᠢᠷᠠᠭᠤᠯᠵᠤ᠂ ᠶᠡᠷᠦᠩᠬᠡᠢ ᠲᠠᠯᠠᠪᠠᠢ ᠨᠢ ᠪᠠᠷᠤᠭ 1 ᠲᠦᠮᠡᠨ ᠺᠦᠸᠠᠳ᠋ ᠮᠧᠲᠷ ᠪᠣᠯᠣᠨ᠎ᠠ᠂ ᠬᠤᠷᠠᠮᠠᠯ ᠣᠶᠤᠨᠴᠢᠯᠠᠭᠰᠠᠨ | ᠬᠥᠮᠥᠷᠭᠡ ᠶᠢᠨ ᠬᠠᠮᠢᠶᠠᠷᠤᠯᠲᠠ ᠶᠢᠨ ᠰᠢᠰᠲ᠋ᠧᠮ ᠨᠢ ᠲᠥᠪᠯᠡᠷᠡᠭᠦᠯᠦᠨ ᠬᠥᠮᠥᠷᠭᠡᠯᠡᠨ ᠬᠠᠳᠠᠭᠠᠯᠠᠬᠤ᠂ ᠥᠨᠳᠥᠷ | ᠪᠦᠲᠦᠮᠵᠢᠲᠡᠢ ᠪᠠᠷ ᠬᠤᠪᠢᠶᠠᠨ ᠢᠯᠭᠠᠬᠤ᠂ ᠵᠠᠬᠢᠶᠠᠯᠠᠭ᠎ᠠ ᠶᠢᠨ ᠴᠤᠪᠤᠷᠠᠯ ᠢᠶᠠᠷ ᠰᠢᠢᠳᠪᠦᠷᠢᠯᠡᠬᠦ ᠵᠡᠷᠭᠡ ᠴᠢᠳᠠᠮᠵᠢ ᠶᠢ | ᠪᠦᠷᠢᠯᠳᠦᠭᠦᠯᠪᠡ᠃ ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠪᠠ ᠵᠠᠬ᠎ᠠ ᠳᠡᠯᠭᠡᠭᠦᠷᠴᠢᠯᠡᠨ ᠡᠵᠡᠩᠨᠡᠬᠦ ᠶᠢ | ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠥᠪᠥᠷ ᠮᠣᠩᠭᠤᠯ ᠵᠢᠴᠢ ᠪᠡᠭᠡᠵᠢᠩ ᠬᠤᠲᠠ ᠳᠤ ᠥᠪᠥᠷ | ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠰᠬᠠᠶᠢᠯᠠᠨ ᠪᠣᠷᠣᠯᠠᠭᠤᠯᠵᠤ ᠪᠠᠶᠢᠭ᠎ᠠ | ᠠᠵᠤ ᠠᠬᠤᠶᠢᠯᠠᠯ ᠤᠨ ᠳᠠᠩᠰᠠᠯᠠᠭᠤᠯᠬᠤ ᠶᠢ ᠨᠢ ᠳᠡᠮᠵᠢᠵᠦ᠂ ︽ᠬᠥᠮᠥᠷᠭᠡᠯᠡᠬᠦ᠂ ᠳᠡᠯᠭᠡᠨ ᠦᠵᠡᠭᠦᠯᠬᠦ᠂ ᠪᠣᠷᠣᠯᠠᠭᠤᠯᠬᠤ᠂ | ᠲᠣᠬᠢᠷᠠᠭᠤᠯᠬᠤ︾ ᠪᠠᠨ ᠨᠢᠭᠡ ᠴᠣᠭᠴᠠᠵᠢᠭᠤᠯᠤᠨ ᠡᠵᠡᠩᠨᠡᠬᠦ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠪᠠᠷᠠᠭᠠᠨ ᠤ | ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠪᠣᠯᠣᠨ᠎ᠠ᠃ | ︵ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ |