ᠰᠦᠨ ᠶᠦᠩ ᠸᠸᠨ ᠰᠢᠯᠢ ᠶᠢᠨ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2025/3/26
    3 ᠰᠠᠷ᠎ᠠ ᠶᠢᠨ 13 ᠤ ᠡᠳᠦᠷ᠂ ᠰᠢᠯᠢ ᠶᠢᠨ ᠬᠤᠲᠠ ᠶᠢᠨ ᠳᠡᠳ᠋ ᠳᠠᠷᠤᠭ᠎ᠠ ᠰᠦᠨ ᠶᠦᠩ ᠸᠧᠠ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠦᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠲᠠ ᠶᠢᠨ ᠣᠶ ᠰᠢᠭᠤᠢ ᠪᠡᠨᠣᠳᠤᠭ ᠪᠡᠯᠴᠢᠭᠡᠷ ᠤᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠳᠣ ᠪᠠᠶᠢᠴᠠᠭᠠᠪᠠ᠃      ᠰᠦᠨ ᠶᠦᠩ  ᠸᠧᠠ ᠰᠢᠯᠢ ᠶᠢᠨ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠪᠠᠶᠢᠴᠠᠭᠠᠨ ᠰᠣᠳᠣᠯᠣᠯᠲᠠ ᠬᠢᠪᠡ ᠨᠠᠷ ᠪᠢᠯᠢᠭ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ᠂  ᠪᠠᠶᠠᠨᠬᠦ᠋ᠷᠢᠶ᠎ᠡ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ ᠵᠢᠴᠢ ᠲᠤᠨᠤᠭ ᠲᠥᠬᠦᠭᠡᠷᠦᠮᠵᠢ ᠶᠢᠨ ᠬᠥᠮᠥᠷᠭᠡ ᠳᠤ ᠬᠦᠷᠴᠦ᠂ ᠡᠳ᠋ ᠪᠣᠳᠠᠰ ᠨᠥᠭᠡᠴᠡᠯᠡᠬᠦ᠂ ᠬᠤᠯᠪᠤᠭᠠᠯᠠᠨ  ᠰᠡᠷᠭᠡᠶᠢᠯᠡᠨ ᠬᠥᠳᠡᠯᠦᠯᠴᠡᠬᠦ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠠᠮᠢᠶᠠᠷᠤᠨ ᠡᠵᠡᠮᠳᠡᠬᠦ᠂ ᠤᠬᠠᠭᠤᠯᠭ᠎ᠠ ᠬᠥᠮᠦᠵᠢᠯ ᠵᠡᠷᠭᠡ ᠪᠠᠶᠢᠳᠠᠯ ᠢ ᠨᠠᠷᠢᠨ ᠪᠠᠶᠢᠴᠠᠭᠠᠨ ᠣᠶᠢᠯᠠᠭᠠᠪᠠ᠃       ᠰᠦᠨ ᠶᠦᠩ ᠸᠧᠠ ᠴᠢᠬᠤᠯᠠᠴᠢᠯᠠᠭᠰᠠᠨ   ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠭ᠎ᠠ ᠰᠡᠷᠭᠡᠶᠢᠯᠡᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠪᠣᠳᠠᠲᠠᠶᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠮᠢᠶᠠᠷᠤᠯᠲᠠ ᠪᠠ 24 ᠴᠠᠭ ᠢᠶᠠᠷ ᠲᠣᠭᠤᠷᠢᠨ ᠴᠠᠭᠳᠠᠵᠤ᠂ ᠵᠢᠵᠢᠭᠦᠷᠯᠡᠬᠦ ᠪᠠᠨ ᠴᠢᠩᠭᠠᠳᠬᠠᠵᠤ᠂ ᠬᠡᠭᠡᠷ᠎ᠡ ᠭᠠᠳᠠᠨᠠᠬᠢ ᠲᠡᠷᠭᠡ ᠬᠥᠰᠬᠡ ᠪᠠ ᠬᠥᠮᠥᠰ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠦᠷᠭᠡᠨ ᠲᠤᠰᠬᠠᠯ ᠤᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠢ︔ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢᠨ ᠡᠬᠢ ᠪᠠᠶᠠᠯᠢᠭ ᠪᠠ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠣᠯᠠᠬᠤ ᠬᠡᠷᠡᠭᠲᠠᠢ ᠭᠡᠪᠡ᠃      ᠲᠠᠷᠠᠭᠠᠴᠢ ᠶᠢᠨ ᠠᠯᠬᠤᠮ ᠳᠤ ᠬᠤᠲᠠ ᠶᠢᠨ ᠣᠶ ᠰᠢᠭᠤᠢ ᠪᠠᠨᠣᠳᠤᠭ ᠪᠡᠯᠴᠢᠭᠡᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠨᠢ ᠣᠶ ᠰᠢᠭᠤᠢ ᠨᠤᠲᠤᠭ ᠪᠡᠯᠴᠢᠭᠡᠷ ᠤᠨ ᠠᠵᠢᠯ ᠤᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠠᠷᠢᠶᠠᠲᠤ ᠣᠷᠣᠨ ᠤ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠪᠠᠲᠤᠯᠠᠨ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ ᠳᠤ ᠪᠠᠳᠣ ᠰᠠᠶᠢᠨ ᠠᠵᠢᠯ ᠤᠨ ᠰᠠᠭᠤᠷᠢ ᠶᠢ ᠲᠠᠯᠪᠢᠵᠤ ᠥᠭᠭᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号