2025ᠣᠨ ᠤ 3 ᠰᠠᠷ᠎ᠠ ᠶᠢᠨ14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠵᠠᠩ ᠶᠢᠩ ᠵᠢᠶᠧ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠨᠠᠰᠤᠲᠠᠶᠢᠴᠤᠳ ᠢ ᠠᠰᠠᠷᠠᠬᠤ | ᠬᠦᠷᠢᠶᠡᠯᠡᠩ ᠪᠣᠯᠣᠨ ︽ᠠᠴᠢᠯᠠ︾ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠠᠶᠤᠯᠭᠦᠢ | ᠦᠢᠯᠡᠳᠪᠦᠷᠢᠯᠡᠯ᠂ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ ᠪᠠ ᠬᠠᠮᠢᠶᠠᠷᠤᠯᠲᠠ᠂ ᠢᠳᠡᠭᠡᠨ ᠤ ᠠᠮᠤᠷ | ᠲᠦᠪᠰᠢᠨ ᠵᠡᠷᠭᠡ ᠠᠵᠢᠯ ᠢ ᠬᠢᠨᠠᠨ ᠵᠢᠯᠤᠭᠤᠳᠪᠠ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ | ᠬᠠᠷᠢᠭᠤᠴᠠᠯᠭᠠᠲᠠᠨ ᠪᠠᠷ᠎ᠠ ᠪᠣᠯᠵᠤ ᠬᠢᠨᠠᠨ ᠵᠢᠯᠤᠭᠤᠳᠪᠠ᠃ | ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠨᠠᠰᠤᠲᠠᠶᠢᠴᠤᠳ ᠢ ᠠᠰᠠᠷᠠᠬᠤ ᠬᠦᠷᠢᠶᠡᠯᠡᠭ ᠳᠤ᠂ ᠵᠠᠩ ᠶᠢᠩ ᠵᠢᠶᠧ | ᠨᠠᠰᠤᠲᠠᠶᠢᠴᠤᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ᠂ ᠨᠠᠰᠤᠲᠠᠶᠢᠴᠤᠳ ᠤᠨ ᠥᠷᠥᠭᠡ ᠵᠡᠷᠭᠡ | ᠭᠤᠣᠯᠳᠠᠯᠭ᠎ᠠ ᠲᠠᠢ ᠲᠠᠯᠠᠪᠤᠷ ᠢ ᠪᠠᠶᠢᠴᠠᠭᠠᠨ ᠦᠵᠡᠵᠦ᠂ ᠣᠷᠣᠵᠤ ᠰᠠᠭᠤᠭᠰᠠᠳ᠂ ᠡᠮᠴᠢᠯᠡᠭᠡ ᠰᠣᠪᠢᠯᠠᠯᠲᠠ ᠶᠢ | ᠤᠶᠠᠯᠳᠤᠭᠤᠯᠤᠭᠰᠠᠨ᠂ ᠳᠥᠬᠦᠭᠡᠷᠦᠮᠵᠢ ᠶᠢᠨ ᠠᠮᠤᠷ ᠲᠦᠪᠰᠢᠨ᠂ ᠢᠳᠡᠭᠡᠨ ᠤ ᠵᠦᠢᠯ ᠵᠢᠴᠢ ᠭᠠᠯ ᠰᠡᠷᠭᠡᠶᠢᠯᠡᠬᠦ ᠠᠮᠤᠷ | ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ | ᠰᠢᠯᠢ ᠶᠢᠨ ᠬᠤᠲᠠ ᠶᠢᠨ ᠣᠶᠣᠨᠲᠣ ᠨᠠᠰᠤᠲᠠᠶᠢᠴᠤᠳ ᠤᠨ ᠠᠰᠠᠷᠠᠮᠵᠢ ᠶᠢᠨ ᠵᠢᠯᠤᠭᠤᠳᠤᠨ ᠲᠣᠬᠢᠷᠠᠭᠤᠯᠬᠤ | ᠲᠥᠪ ᠲᠤ᠂ ᠵᠠᠩ ᠶᠢᠩ ᠵᠢᠶᠧ ᠵᠢᠯᠤᠭᠤᠳᠤᠨ ᠲᠣᠬᠢᠷᠠᠭᠤᠯᠬᠤ ᠲᠥᠪ ᠤᠨ ᠠᠵᠢᠯᠯᠠᠭᠤᠯᠵᠤ ᠬᠠᠮᠠᠭᠠᠯᠠᠵᠤ ᠪᠠᠶᠢᠭ᠎ᠠ | ᠪᠠᠶᠢᠳᠠᠯ ᠢ ᠣᠶᠢᠯᠠᠭᠠᠵᠤ᠂ ᠡᠷᠡᠭᠦᠯᠵᠢᠯ ᠤᠨ ᠲᠤᠰᠠᠯᠠᠬᠤ ᠪᠠᠭᠠᠵᠢ ᠵᠢᠴᠢ ᠨᠠᠰᠤᠲᠠᠶᠢᠴᠤᠳ ᠲᠤ ᠲᠣᠬᠢᠷᠠᠬᠤ | ᠦᠢᠯᠡᠳᠬᠦᠨ ᠢ ᠨᠠᠷᠢᠨ ᠨᠢᠮᠪᠠᠢ ᠪᠠᠶᠢᠴᠠᠭᠠᠨ ᠦᠵᠡᠪᠡ᠃ | ︽ᠠᠴᠢᠯᠠ︾ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ᠂ ᠵᠠᠩ ᠶᠢᠩ ᠵᠢᠶᠧ ᠬᠦᠷᠢᠶᠡᠯᠡᠩ | ᠲᠣᠭᠤᠷᠢᠭ ᠤᠨ ᠡᠵᠡᠩᠨᠡᠯᠲᠡ ᠶᠢᠨ ᠵᠠᠭᠪᠤᠷ᠂ ᠰᠠᠭᠤᠵᠤ ᠪᠠᠶᠢᠭ᠎ᠠ ᠨᠠᠰᠤᠲᠠᠶᠢᠴᠤᠳ ᠤᠨ ᠪᠠᠶᠢᠳᠠᠯ᠂ ᠠᠮᠤᠷ | ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠭᠠᠯ ᠤᠨᠲᠠᠷᠠᠭᠠᠯᠲᠠ ᠶᠢᠨ ᠴᠡᠭᠴᠡᠯᠡᠨ | ᠰᠠᠶᠢᠵᠢᠷᠠᠭᠤᠯᠤᠯᠲᠠ᠂ ᠰᠠᠭᠤᠷᠢ ᠲᠦᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠲᠠᠯ᠎ᠠ ᠪᠠᠷ ᠣᠷᠣᠰᠢᠵᠣ ᠪᠠᠶᠢᠭ᠎ᠠ | ᠬᠦᠴᠢᠷᠳᠡᠯ ᠪᠠ ᠠᠰᠠᠭᠤᠳᠠᠯ ᠢ ᠯᠠᠪᠯᠠᠨ ᠠᠰᠠᠭᠤᠵᠠᠢ᠃ | ᠵᠠᠩ ᠶᠢᠩ ᠵᠢᠶᠧ ᠠᠴᠠ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ | ᠪᠠᠲᠤᠯᠠᠬᠤ ᠴᠢᠨᠠᠷᠲᠠᠢ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ | ᠣᠨᠴᠠ ᠬᠦᠴᠢᠷᠳᠡᠯᠲᠡᠢ ᠨᠠᠰᠤᠲᠠᠶᠢᠴᠤᠳ᠂ ᠴᠢᠳᠠᠪᠤᠷᠢ ᠪᠠᠨ ᠠᠯᠳᠠᠭᠰᠠᠨ ᠠᠵᠤ ᠠᠬᠤᠢ ᠶᠢᠨ ᠬᠦᠴᠢᠷᠳᠡᠯ ᠲᠠᠢ | ᠨᠠᠰᠤᠲᠠᠶᠢᠴᠤᠳ ᠵᠡᠷᠭᠡ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠦᠨᠳᠦᠰᠦᠨ ᠬᠡᠷᠡᠭᠴᠡᠭᠡ ᠶᠢ | ᠪᠠᠲᠤᠯᠠᠵᠤ᠂ ᠰᠠᠶᠢᠨ ᠶᠠᠪᠤᠳᠠᠯ ᠪᠣᠳᠠᠲᠠᠢ ᠶᠠᠪᠤᠳᠠᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ | ᠳᠡᠲᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠬᠦ ᠬᠡᠷᠡᠭᠲᠡᠢ ᠭᠡᠵᠦ | ᠱᠠᠭᠠᠷᠳᠠᠪᠠ᠃ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠠᠭᠠᠨ ᠱᠣᠭᠤᠮ ᠤᠨ ᠤᠬᠠᠮᠰᠠᠷ ᠪᠠ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ ᠪᠠ ᠠᠮᠢ ᠨᠠᠰᠤ ᠶᠢ ᠳᠡᠭᠡᠳᠦᠯᠡᠬᠦ ᠶᠢ | ᠪᠠᠷᠢᠮᠲᠠᠯᠠᠨ ︽ᠬᠡᠵᠢᠶ᠎ᠡ ᠴᠤ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯ ᠦᠭᠡᠢ | ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠯᠲᠠ ᠶᠢᠨ ᠠᠮᠤᠷ ᠲᠦᠪᠰᠢᠨ ᠤ ᠡᠯ᠎ᠡ | ᠵᠦᠢᠯ ᠤᠨ ᠠᠵᠢᠯ ᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠰᠠᠶᠢᠲᠤᠷ ᠴᠡᠭᠴᠡᠯᠡᠨ | ᠵᠠᠰᠠᠵᠤ᠂ ᠨᠠᠰᠤᠲᠠᠶᠢᠴᠤᠳ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠷᠭᠦᠯᠵᠢᠯᠡᠨ ᠳᠣᠭᠲᠠᠭᠤᠨ ᠢᠶᠠᠷ | ᠬᠥᠭᠵᠢᠬᠦ ᠶᠢ ᠠᠬᠢᠭᠤᠯᠵᠤ᠂ ᠨᠠᠰᠤᠲᠠᠶᠢᠴᠤᠳ ᠤᠨ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠢ ᠭᠡᠵᠡᠢ᠃ |