ᠰᠢᠯᠢ ᠶᠢᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/26
     ᠲᠡᠯᠡᠬᠡᠢ ᠶᠢᠨ 115 ᠳ᠋ᠤᠭᠠᠷ ᠣᠳᠠᠭᠠᠨ ᠤ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠶᠢᠨ ᠲᠥᠯᠥᠭᠡ᠂ 3 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠰᠢᠯᠢ ᠶᠢᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠤᠨ ᠠᠵᠢᠯᠯᠠᠭ᠎ᠠ ᠥᠷᠨᠢᠭᠦᠯᠵᠦ᠂ ᠳᠡᠳ᠋ ᠲᠣᠪᠴᠢᠶᠠᠨ ᠳᠠᠷᠤᠭ᠎ᠠ ᠶᠠᠨ ᠮᠢᠩ ᠡᠷᠭᠢᠯᠡᠵᠦ᠂ ᠪᠥᠬᠦ ᠺᠠᠳ᠋ᠷ ᠠᠵᠢᠯᠲᠠᠨ ᠣᠷᠣᠯᠴᠠᠵᠠᠶ᠃     ᠬᠥᠳᠡᠯᠭᠡᠭᠡᠨ ᠡᠬᠢᠯᠡᠮᠡᠭᠴᠡ᠂ ᠶᠠᠨ ᠮᠢᠩ ᠳᠡᠳ᠋ ᠲᠣᠪᠴᠢᠶᠠᠨ ᠳᠠᠷᠤᠭ᠎ᠠ ᠡᠩ ᠲᠡᠷᠢᠭᠦᠨ ᠳᠤ ᠪᠦᠬᠦ ᠡᠮᠡᠭᠳᠠᠶᠢᠴᠣᠳ ᠲᠤ ᠬᠠᠮᠤᠭ ᠤᠨ ᠴᠢᠩ ᠦᠨᠡᠨᠴᠢ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠦᠭᠡ ᠶᠠᠷᠢᠶ᠎ᠠ ᠶᠢᠨ ᠳᠤᠮᠳᠠ ᠣᠯᠠᠨ ᠤ ᠡᠳᠦᠷ ᠲᠤᠲᠤᠮ ᠤᠨ ᠰᠢᠷᠭᠠᠭᠤ ᠬᠠᠲᠠᠭᠤᠵᠢᠯᠲᠠᠶ ᠠᠵᠢᠯ ᠢ ᠮᠡᠳᠡᠷᠡᠵᠦ ᠮᠠᠭᠲᠠᠨ ᠰᠠᠶᠢᠰᠢᠶᠠᠵᠤ᠂ ᠢᠯᠠᠩᠭᠤᠶ᠎ᠠ ᠡᠮᠡᠭᠲᠡᠶ ᠬᠠᠮᠲᠤ ᠠᠵᠢᠯᠯᠠᠭᠴᠢᠳ ᠤᠨ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠢᠯᠡᠷᠡᠭᠦᠯᠦᠭᠰᠡᠨ ᠲᠡᠰᠪᠦᠷᠢ ᠬᠠᠲᠠᠭᠤᠵᠢᠯᠲᠠᠶ ᠪᠠ ᠣᠶᠤᠨ ᠤᠬᠠᠭᠠᠨ ᠢ ᠲᠣᠷᠠᠳᠴᠣ᠂ ᠨᠠᠷᠢᠨ ᠪᠤᠳᠤᠯᠢᠶᠠᠨᠲᠠᠶ ᠪᠥᠭᠡᠳ ᠶᠠᠷᠰᠢᠭ ᠲᠦᠪᠡᠭᠲᠡᠶ ᠲᠤᠬᠠᠶᠢᠯᠠᠭᠰᠠᠨ ᠠᠵᠢᠯ ᠤᠨ ᠬᠦᠴᠢᠷ ᠠᠰᠠᠭᠤᠳᠠᠯ ᠳᠤ ᠲᠤᠯᠭᠠᠷᠠᠭᠰᠠᠨ ᠴᠤ ᠲᠡᠷᠡ᠂ ᠪᠠᠴᠢᠮ ᠲᠤᠯᠭᠠᠮ᠎ᠠ ᠥᠨᠳᠥᠷ ᠳᠠᠷᠤᠯᠲᠠᠲᠤ ᠠᠵᠢᠯ ᠤᠨ ᠡᠭᠦᠷᠭᠡ ᠲᠤᠯᠭᠠᠷᠠᠭᠰᠠᠨ ᠴᠤ ᠲᠡᠷᠡ ᠴᠥᠮ ᠨᠠᠷᠢᠨ ᠨᠢᠮᠪᠠᠶ ᠰᠡᠳᠬᠢᠬᠦᠶ ᠪᠠ ᠡᠷᠡᠰ ᠬᠠᠲᠠᠭᠤ ᠬᠠᠳᠠᠨ ᠵᠣᠷᠢᠭ ᠢᠶᠠᠷ ᠯᠠᠪᠳᠠᠭᠤᠨ ᠲᠣᠭᠲᠠᠭᠤᠨ ᠢᠶᠠᠷ ᠠᠷᠭᠠᠴᠠᠵᠤ᠂ ᠨᠢᠭᠡᠴᠡ ᠶᠢᠨ ᠢᠶᠠᠨ ᠬᠥᠭᠵᠢᠯᠲᠡ ᠶᠢ ᠳᠥᠯᠭᠢᠨ ᠠᠬᠢᠭᠤᠯᠬᠤ ᠳᠤ ᠳᠤᠲᠠᠭᠳᠠᠵᠤ ᠪᠣᠯᠤᠰᠢ ᠦᠭᠡᠶ ᠬᠦᠴᠦᠨ ᠴᠢᠳᠠᠯ ᠡᠷᠭᠦᠭᠰᠡᠨ ᠪᠠᠶᠢᠨ᠎ᠠ ᠭᠡᠪᠡ᠃ ᠡᠨᠡ ᠤᠳᠠᠭᠠᠨ ᠤ ᠦᠨᠡᠨ ᠰᠡᠳᠬᠢᠯ ᠤᠨ ᠦᠭᠡ ᠨᠢ ᠲᠤᠬᠠᠶ ᠶᠢᠨ ᠲᠠᠯᠠᠪᠠᠶ ᠶᠢᠨ ᠡᠮᠡᠭᠳᠠᠶᠢᠴᠣᠳ  ᠨᠢᠭᠡᠪᠦᠷᠢ ᠶᠢ ᠶᠡᠬᠡᠳᠡ ᠵᠣᠷᠢᠭᠵᠢᠭᠤᠯᠵᠤ᠂ ᠰᠡᠳᠬᠢᠯ  ᠵᠢᠷᠦᠬᠡᠨ  ᠳᠤ ᠳᠤᠯᠠᠭᠠᠬᠠᠨ  ᠪᠥᠭᠡᠳ  ᠬᠤᠶᠢᠰᠢᠳᠠ  ᠶᠢᠨ  ᠠᠵᠢᠯᠯᠠᠭ᠎ᠠ  ᠶᠢ ᠥᠷᠨᠢᠭᠦᠯᠬᠦ ᠳᠤ ᠪᠠᠶᠠᠷ ᠬᠥᠷ ᠲᠠᠢ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃     ᠬᠥᠳᠡᠯᠭᠡᠭᠡᠨ ᠤ ᠬᠤᠶᠠᠳᠤᠭᠠᠷ ᠵᠦᠢᠯ ᠨᠢ ᠲᠣᠭᠯᠠᠭᠠᠮ ᠪᠣᠯᠤᠨ᠎ᠠ᠃ ︽ᠬᠡᠨ ᠨᠢ ᠲᠠᠩᠨᠠᠭᠤᠯ ᠪᠣᠶ︾ ᠭᠡᠬᠦ ᠲᠣᠭᠯᠠᠭᠠᠮ ᠳᠤ᠂ ᠣᠯᠠᠨ ᠢᠶᠠᠷ ᠢᠶᠠᠨ ᠣᠶᠤᠨ ᠲᠠᠷᠢᠬᠢ ᠪᠠᠨ ᠰᠢᠪᠬᠠᠨ ᠦᠭᠡ ᠬᠡᠯᠡᠯᠭᠡ ᠶᠢ ᠳᠦᠷᠰᠦᠯᠡᠵᠦ᠂ ᠵᠠᠩᠭᠢᠯᠠᠭ᠎ᠠ ᠶᠢᠨ ᠮᠡᠳᠡᠭᠡ ᠵᠠᠩᠭᠢ ᠶᠢ ᠣᠨᠣᠪᠴᠢᠲᠠᠶ ᠳᠠᠮᠵᠢᠭᠤᠯᠬᠤ ᠪᠠᠷ ᠪᠠᠷᠠᠬᠤ ᠥᠬᠡᠶ᠂ ᠪᠠᠰᠠ ᠲᠠᠩᠨᠠᠭᠤᠯ ᠢᠶᠠᠷ ᠠᠮᠠᠷᠬᠠᠨ ᠲᠠᠭᠠᠮᠠᠭᠯᠠᠭᠤᠯᠵᠤ ᠪᠣᠯᠬᠤ ᠥᠬᠡᠶ᠃ ᠡᠭᠡᠯᠵᠢ ᠪᠦᠷᠢ ᠶᠢᠨ ᠪᠢᠯᠧᠲ ᠥᠭᠭᠦᠯᠲᠡ ᠶᠢᠨ ᠭᠤᠭᠴᠤᠭ᠎ᠠ ᠳᠤ᠂ ᠤᠯᠠᠨ ᠢᠶᠠᠷ ᠢᠶᠠᠨ ᠥᠪᠡᠷ ᠥᠪᠡᠷ ᠤᠨ ᠦᠵᠡᠯᠲᠡ ᠪᠠᠨ ᠶᠠᠷᠢᠵᠤ᠂  ᠲᠠᠩᠨᠠᠭᠤᠯ ᠪᠣᠯᠤᠨ ᠡᠭᠡᠯ ᠠᠷᠠᠳ ᠤᠨ ᠬᠤᠭᠤᠷᠣᠨᠳᠣ ᠠᠷᠭ᠎ᠠ ᠤᠬᠠᠭᠠᠨ ᠮᠥᠷᠦ᠋ᠢᠴᠡᠵᠦ᠂ ᠲᠤᠬᠠᠢ ᠶᠢᠨ ᠲᠠᠯᠠᠪᠠᠢ ᠳᠤ ᠪᠠᠶᠠᠷ ᠬᠦᠷ ᠢᠶᠠᠷ ᠪᠢᠯᠬᠠᠨ᠎ᠠ᠃ ᠳᠠᠷᠠᠭ᠎ᠠ ᠨᠢ ᠪᠥᠮᠪᠦᠭᠡ ᠰᠢᠳᠡᠬᠦ ᠲᠣᠭᠯᠠᠭᠠᠮ ᠢ ᠶᠠᠪᠤᠭᠳᠠᠭᠤᠯᠬᠤ ᠳᠤ᠂ ᠤᠯᠠᠨ ᠢᠶᠠᠷ ᠢᠶᠠᠨ ᠰᠢᠳᠡᠵᠦ  ᠢᠷᠡᠭᠦᠯᠦᠭᠰᠡᠨ ᠪᠥᠮᠪᠦᠭᠡ ᠶᠢ ᠲᠣᠰᠴᠤ ᠠᠪᠬᠤ ᠪᠠᠷ ᠪᠡᠯᠡᠳᠬᠡᠬᠦ ᠪᠠᠷ ᠪᠠᠷᠠᠬᠤ ᠦᠭᠡᠢ ᠪᠠᠰᠠ ᠬᠤᠳᠠᠯ ᠬᠠᠭᠤᠷᠮᠠᠭ ᠪᠥᠮᠪᠦᠭᠡ ᠰᠢᠳᠡᠬᠦ ᠠᠴᠠ ᠰᠡᠷᠭᠡᠶᠢᠯᠡᠵᠦ᠂ ᠲᠤᠬᠠᠶ ᠶᠢᠨ ᠲᠠᠯᠠᠪᠤᠷ ᠲᠤ ᠭᠱᠠᠨ ᠵᠠᠭᠤᠷ᠎ᠠ ᠪᠠᠴᠢᠮ ᠠᠭᠤᠷ ᠠᠮᠢᠰᠬᠤᠯ ᠢᠶᠠᠷ ᠪᠢᠯᠬᠠᠨ᠎ᠠ᠃
    ᠪᠠᠶᠠᠷ ᠬᠥᠷ ᠲᠠᠢ ᠴᠠᠭ ᠮᠥᠴᠡ ᠶᠡᠷᠦ ᠨᠢ ᠣᠬᠤᠷᠬᠠᠨ ᠪᠠᠶᠢᠳᠠᠭ᠂ ᠳᠡᠳ᠋ ᠲᠣᠪᠴᠢᠶᠠᠨ ᠳᠠᠷᠤᠭ᠎ᠠ ᠶᠠᠨ ᠮᠢᠩ ᠲᠤᠰ ᠤᠳᠠᠭ᠎ᠠ ᠶᠢᠨ ᠠᠵᠢᠯᠯᠠᠭ᠎ᠠ ᠳᠤ ᠳ᠋ᠦᠩᠨᠡᠯᠲᠡ ᠬᠢᠵᠦ᠂ ᠪᠦᠬᠦ ᠡᠮᠡᠭᠳᠠᠶᠢᠴᠣᠳ ᠲᠤ ᠳᠠᠬᠢᠨᠲᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠤᠯᠠᠨ ᠢᠶᠠᠷ ᠢᠶᠠᠨ ᠬᠤᠶᠢᠰᠢᠳᠠ ᠶᠢᠨ ᠠᠮᠢᠳᠤᠷᠠᠯ ᠳᠤᠮᠳᠠ ᠪᠠᠨ ᠦᠷᠭᠦᠯᠵᠢᠯᠡᠨ ᠪᠠᠶᠠᠰᠤᠩᠭᠤᠢ ᠢᠳᠡᠪᠬᠢᠲᠡᠢ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠠᠵᠢᠯ ᠤᠨ ᠳᠤᠮᠳᠠ ᠪᠠᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠨᠡᠩ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠬᠦᠰᠡᠪᠡ᠃ ᠡᠭᠦᠨ ᠤ ᠵᠡᠷᠭᠡ ᠳᠤ᠂ ᠠᠵᠢᠯᠯᠠᠭ᠎ᠠ ᠶᠢᠨ ᠪᠡᠯᠡᠳᠬᠡᠯ ᠠᠵᠢᠯ ᠳᠤ ᠣᠷᠣᠯᠴᠠᠭᠰᠠᠨ ᠪᠤᠶ ᠪᠦᠬᠦᠢ ᠠᠵᠢᠯᠲᠠᠳ ᠲᠤ ᠲᠠᠯᠠᠷᠬᠠᠵᠤ ᠪᠠᠶᠢᠨ᠎ᠠ᠂ ᠶᠠᠭ ᠣᠯᠠᠨ ᠤ ᠰᠢᠷᠭᠠᠭᠤ ᠴᠢᠷᠮᠠᠶᠢᠯᠭ᠎ᠠ ᠭᠠᠷᠭᠠᠭᠰᠠᠨ ᠢᠶᠠᠷ ᠰᠠᠶ᠋ᠢ ᠡᠨᠡ ᠤᠳᠠᠭᠠᠨ ᠤ ᠠᠵᠢᠯᠯᠠᠭ᠎ᠠ ᠶᠢ ᠭᠤᠶᠢᠳᠠ ᠰᠠᠶᠢᠬᠠᠨ ᠪᠣᠯᠭᠠᠭᠰᠠᠨ ᠶᠤᠮ᠃     ᠡᠨᠡ ᠤᠳᠠᠭ᠎ᠠ ᠶᠢᠨ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠤᠨ ᠠᠵᠢᠯᠯᠠᠭ᠎ᠠ ᠨᠢ ᠪᠠᠶᠠᠷ ᠪᠠᠶᠠᠰᠤᠯ ᠢ ᠡᠳ᠋ᠯᠡᠭᠦᠯᠵᠦ᠂ ᠪᠡᠶ᠎ᠡ ᠰᠡᠳᠬᠢᠯ ᠢ ᠠᠭᠤᠵᠢᠷᠠᠭᠤᠯᠤᠭᠰᠠᠨ ᠢᠶᠠᠷ ᠪᠠᠷᠠᠬᠤ ᠦᠭᠡᠶ᠂ ᠲᠡᠳᠡᠨ ᠤ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠤᠯᠠᠮ ᠵᠤᠵᠠᠭᠠᠳᠬᠠᠵᠤ᠂ ᠪᠦᠯᠬᠦᠮ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃ ᠢᠷᠡᠭᠡᠳᠦᠶ ᠶᠢᠨ ᠡᠳᠦᠷ ᠤᠳ ᠲᠤ ᠡᠮᠡᠭᠲᠡᠶᠢᠴᠦᠳ ᠨᠢᠭᠡᠪᠦᠷᠢ ᠴᠥᠮ ᠡᠨᠡ ᠬᠦ ᠰᠠᠶᠢᠨ ᠰᠠᠶᠢᠬᠠᠨ ᠪᠠ ᠬᠦᠴᠦᠨ ᠴᠢᠳᠠᠯ ᠢ ᠡᠪᠦᠷᠯᠡᠨ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠨᠡᠩ ᠭᠡᠷᠡᠯ ᠰᠠᠴᠤᠷᠠᠩᠭᠤᠶ ᠦᠢᠯᠡᠰ ᠢ ᠡᠭᠦᠳᠦᠨ ᠪᠦᠲᠦᠭᠡᠨ᠎ᠡ ᠭᠡᠳᠡᠭ ᠢ ᠢᠲᠡᠭᠡᠵᠦ ᠪᠠᠶᠢᠨ᠎ᠠ︕
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号