ᠴᠢᠭᠤᠯᠭᠠᠨ ᠵᠡᠭᠡᠯᠢ ᠭᠤᠳᠤᠮᠵᠢ  ᠶᠢᠨ ᠭᠡᠷᠡᠭ ᠡᠷᠬᠢᠯᠡᠬᠦ ᠭᠠᠵᠠᠷ  — ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ ᠠᠷᠠᠳ ᠲᠦᠮᠡᠨ ᠳᠤ ︽ᠶᠡᠭᠡ ᠦᠢᠯᠡᠴᠢᠯᠡᠭᠡ︾ ᠶᠢ ᠰᠠᠶᠢᠲᠤᠷ  ᠭᠢᠵᠤ ᠪᠠᠶᠢᠨ᠎ᠠ
ᠨᠡᠶᠢᠲᠡᠯᠡᠭᠰᠡᠨ ᠴᠠᠭ᠄
2025/3/27
      ᠴᠢᠭᠤᠯᠭᠠᠨ ᠵᠡᠭᠡᠯᠢ ᠭᠤᠳᠤᠮᠵᠢ ᠶᠢᠨ ᠬᠢᠨ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠤᠯᠠᠨ ᠲᠠᠯ᠎ᠠ ᠪᠠᠷ ᠬᠦᠴᠦᠯᠡᠵᠦ᠂ ᠤᠨᠢᠨ ᠳᠡᠭᠡᠷ᠎ᠡ ᠨᠢ ᠦᠢᠯᠡᠴᠢᠯᠡᠬᠦ ᠶᠢ ᠭᠦᠨᠵᠡᠭᠡᠢ ᠥᠷᠨᠢᠭᠦᠯᠬᠦ ᠶᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠠᠴᠠ ᠭᠠᠷᠳᠠᠵᠤ᠂ ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠷᠠᠳ ᠲᠦᠮᠡᠨ ᠤ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠳᠤ ︽ᠬᠤᠷᠳᠤᠴᠠ ᠶᠢ ᠨᠡᠮᠡᠭᠳᠡᠭᠦᠯᠬᠦ︾ᠪᠥᠭᠡᠳ ᠪᠠᠰᠠ ︽ᠬᠠᠯᠠᠭᠤᠨ ᠳᠤᠯᠠᠭᠠᠨ ᠢ ᠳᠡᠭᠡᠭᠰᠢᠯᠡᠭᠦᠯᠬᠦ︾ᠬᠡᠷᠡᠭᠲᠡᠢ᠃     ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠠᠬᠢᠭᠤᠯᠪᠠ     ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ  ᠪᠠᠷᠢᠮᠵᠢᠶᠠᠵᠢᠭᠤᠯᠤᠯᠲᠠ᠂  ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠵᠢᠴᠢ ᠶᠣᠰᠣᠯᠠᠯ ᠤᠨ ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠦᠨ᠎ᠡ᠃ ᠪᠣᠯᠪᠠᠰᠤᠷᠠᠭᠤᠯᠤᠯ ᠤᠨ ᠠᠭᠤᠯᠭ᠎ᠠ ᠳᠤ ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠰᠠᠭᠤᠷᠢ᠂ ᠠᠵᠢᠯ ᠤᠨ ᠴᠤᠪᠤᠷᠠᠯ ᠵᠢᠴᠢ ᠦᠢᠯᠡᠴᠢᠯᠡᠭᠡᠨ ᠤ ᠶᠣᠰᠣᠯᠠᠯ ᠵᠡᠷᠭᠡ ᠣᠯᠠᠨ ᠲᠠᠯ᠎ᠠ ᠶᠢ ᠬᠠᠮᠤᠷᠴᠤ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠣᠯᠠᠨ ᠲᠦᠮᠡᠨ ᠳᠤ ᠨᠠᠩ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃     ᠣᠯᠠᠨ ᠲᠦᠮᠡᠨ ᠤ ᠪᠠᠭ᠎ᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠠᠷᠠᠳ ᠤᠨ ᠠᠮᠢᠳᠤᠷᠠᠯ  ᠢ  ᠬᠠᠷᠠᠭᠠᠯᠵᠠᠪᠠ     ᠬᠠᠮᠤᠭ ᠤᠨ ᠪᠠᠭ᠎ᠠ ᠶᠠᠪᠤᠳᠠᠯ ᠢᠶᠠᠷ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠪᠠᠭ᠎ᠠ ᠶᠠᠪᠤᠳᠠᠯ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃  ᠴᠢᠭᠤᠯᠭᠠᠨ ᠵᠡᠭᠡᠯᠢ ᠭᠤᠳᠤᠮᠵᠢ  ᠶᠢᠨ ᠬᠢᠨ ᠵᠢᠵᠢᠭ ᠭᠠᠵᠠᠷ ᠠᠴᠠ ᠡᠬᠢᠯᠡᠨ ᠣᠯᠠᠨ ᠲᠦᠮᠡᠨ ᠤ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠨᠡᠶᠢᠭᠡᠮ ᠲᠣᠭᠤᠷᠢᠭ ᠤᠨ ᠵᠠᠰᠠᠯᠲᠠ  ᠶᠢᠨ ︽ᠪᠢᠴᠢᠯ ᠪᠣᠳᠠᠲᠤ ᠶᠠᠪᠤᠳᠠᠯ︾ ᠢᠶᠠᠷ ᠣᠯᠠᠨ ᠲᠦᠮᠡᠨ ᠤ ︽ᠠᠷᠠᠳ ᠤᠨ ᠶᠡᠭᠡ ᠠᠮᠢᠳᠤᠷᠠᠯ︾ ᠳᠤ ᠦᠢᠯᠡᠴᠢᠯᠡᠬᠦ  ᠶᠢ ᠳᠠᠶᠢᠴᠢᠯᠠᠭᠰᠠᠨ ᠪᠠᠶᠢᠨ᠎ᠠ᠃ ᠣᠷᠣᠨ ᠰᠠᠭᠤᠴᠠ ᠶᠢᠨ ᠣᠷᠴᠢᠨ ᠲᠣᠭᠤᠷᠢᠨ ᠢ ᠭᠤᠶᠣᠵᠢᠭᠤᠯᠤᠨ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠮᠣᠳᠣᠨ ᠰᠠᠯᠠᠭ᠎ᠠ ᠶᠢ ᠴᠠᠭ ᠲᠤᠬᠠᠢ ᠳᠤᠨᠢ ᠲᠤᠰᠬᠠᠢ ᠮᠡᠷᠭᠡᠵᠢᠯ ᠤᠨ ᠠᠵᠢᠯᠲᠠᠳ ᠲᠠᠢ ᠬᠠᠷᠢᠯᠴᠠᠵᠤ ᠬᠠᠶᠢᠴᠢᠯᠠᠨ ᠵᠠᠰᠠᠵᠤ᠂ ᠳᠠᠯᠳᠠ ᠠᠶᠤᠯ ᠲᠦᠭᠰᠢᠭᠦᠷᠢ ᠶᠢ ᠠᠷᠢᠯᠭᠠᠨ᠎ᠠ︔ ᠰᠠᠭᠤᠭᠠᠯᠢ ᠠᠷᠠᠳ ᠤᠨ ᠲᠣᠭᠤᠷᠢᠭ ᠲᠤ ᠣᠪᠣᠭᠠᠷᠠᠭᠰᠠᠨ ᠪᠠᠷᠢᠯᠭ᠎ᠠ ᠶᠢᠨ ᠬᠤᠭ ᠨᠣᠪᠰᠢ ᠪᠣᠯᠣᠨ ᠠᠮᠢᠳᠤᠷᠠᠯ ᠤᠨ ᠬᠤᠭ ᠨᠣᠪᠰᠢ ᠶᠢ ᠵᠡᠭᠡᠯᠢ ᠭᠤᠳᠤᠮᠵᠢ ᠶᠢᠨ ᠬᠢᠨ ᠬᠦᠴᠦᠨ ᠢᠶᠠᠨ ᠵᠣᠬᠢᠶᠠᠨ ᠪᠠᠶᠢᠭᠤᠯᠤᠨ ᠪᠦᠬᠦ ᠲᠠᠯ᠎ᠠ ᠪᠠᠷ ᠴᠡᠪᠡᠷᠯᠡᠵᠦ᠂ ᠶᠠᠮᠠᠷᠪᠠ ᠠᠷᠢᠭᠤᠨ ᠴᠡᠪᠡᠷ ᠤᠨ ᠦᠯᠦ ᠣᠨᠣᠭᠳᠠᠬᠤ ᠭᠠᠵᠠᠷ ᠢ ᠴᠤ ᠠᠯᠳᠠᠯ ᠦᠭᠡᠢ ᠴᠡᠪᠡᠷᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠴᠣ᠋ ᠰᠢᠨ᠎ᠡ ᠪᠠᠶᠢᠳᠠᠯ ᠲᠠᠢ ᠪᠣᠯᠭᠠᠵᠠᠢ︔ ᠡᠭᠦᠨ ᠤ ᠬᠠᠮᠲᠤ ᠣᠷᠣᠰᠢᠵᠤ ᠪᠠᠶᠢᠭ᠎ᠠ ᠬᠠᠯᠬᠠᠪᠴᠢ ᠬᠡᠷᠡᠰᠬᠡ ᠳᠤᠲᠠᠭᠳᠠᠬᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠤᠯᠠᠨ ᠨᠡᠶᠢᠲᠡ ᠶᠢᠨ ᠲᠥᠬᠦᠭᠡᠷᠦᠮᠵᠢ ᠲᠡᠭᠦᠯᠳᠡᠷ ᠪᠤᠰᠤ ᠪᠠᠶᠢᠬᠤ ᠵᠡᠷᠭᠡ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠠᠭᠤᠭᠠᠯᠢ ᠠᠷᠠᠳ ᠲᠤ ᠠᠮᠤᠷ ᠲᠦᠪᠰᠢᠨ᠂ ᠴᠡᠪᠡᠷ ᠲᠡᠭᠰᠢ᠂ ᠳᠥᠭᠦᠮ ᠳᠥᠲᠡ ᠠᠮᠢᠳᠤᠷᠠᠯ ᠤᠨ ᠣᠷᠣᠨ ᠵᠠᠢ ᠶᠢ ᠪᠤᠢ ᠪᠣᠯᠭᠠᠵᠤ ᠥᠭᠬᠦ ᠪᠠᠷ ᠴᠢᠷᠮᠠᠶᠢᠵᠤ ᠪᠠᠶᠢᠨ᠎ᠠ᠃     ᠵᠡᠭᠡᠯᠢ ᠭᠤᠳᠤᠮᠵᠢ ᠶᠢᠨ ᠬᠢᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠪᠣᠬᠢᠷ ᠤᠰᠤ ᠬᠡᠳᠡᠷᠬᠦ ᠤᠷᠤᠰᠬᠤ᠂ ᠭᠠᠳᠠᠷ ᠡᠯᠭᠦᠭᠡ ᠠᠰᠠᠷ ᠤᠨ ᠱᠠᠲᠤ ᠶᠢ ᠰᠡᠯᠪᠢᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠳᠤ ᠬᠠᠨᠳᠤᠬᠤ ᠳᠠᠭᠠᠨ᠂ ᠰᠠᠭᠤᠭᠠᠯᠢ ᠠᠷᠠᠳ ᠢ ᠦᠳᠲᠡᠷ ᠲᠦᠷᠭᠡᠨ ᠵᠣᠬᠢᠴᠠᠭᠤᠯᠵᠤ ᠪᠠᠶᠢᠭᠠᠳ ᠰᠢᠢᠳᠪᠦᠷᠢᠯᠡᠬᠦ ᠲᠥᠰᠥᠯ ᠢ ᠬᠠᠮᠲᠤᠪᠠᠷ ᠵᠥᠪᠳᠡᠯᠴᠡᠪᠡ᠃ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠠᠰᠠᠭᠤᠳᠠᠯ ᠢ ᠬᠠᠮᠲᠤ ᠪᠠᠷ ᠰᠢᠢᠳᠪᠦᠷᠢᠯᠡᠨ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠢᠶᠠᠨ ᠰᠡᠳᠬᠢᠯ ᠢᠶᠠᠨ ᠳᠤᠯᠠᠭᠠᠴᠠᠭᠤᠯᠬᠤ ᠪᠠᠷ ᠳᠠᠮᠵᠢᠭᠤᠯᠤᠨ ᠡᠶᠡᠳᠡᠭᠦᠯᠵᠦ᠂ ᠬᠠᠷᠢᠶ᠎ᠠ ᠣᠷᠣᠨ ᠤ ᠪᠠᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠦᠲᠦᠮᠵᠢᠲᠡᠶ ᠪᠠᠷ ᠬᠠᠮᠠᠭᠠᠯᠠᠪᠠ᠃       ᠬᠠᠪᠰᠤᠷᠤᠨ ᠬᠢᠬᠦ ᠪᠠ ᠣᠷᠣᠯᠠᠨ ᠬᠢᠬᠦ ︽ᠡᠮᠦᠨ᠎ᠡ ᠹᠷᠣᠨᠲ ᠲᠤ ᠣᠴᠢᠵᠤ ᠬᠢᠬᠦ︾ ᠨᠢ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢᠨ ᠲᠥᠯᠥᠭᠡ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ     ᠴᠢᠭᠤᠯᠭᠠᠨ ᠵᠡᠭᠡᠯᠢ ᠭᠤᠳᠤᠮᠵᠢ ᠶᠢᠨ ᠬᠢᠨ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠦᠨᠳᠦᠰᠦᠨ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠠᠭᠤᠯᠭ᠎ᠠ ᠶᠢ ᠴᠢᠨᠠᠭᠰᠢᠳᠠ ᠨᠠᠷᠢᠯᠢᠭᠵᠢᠭᠤᠯᠵᠤ᠂ ᠦᠢᠯᠡᠴᠢᠯᠡᠭᠡᠨ ᠤ ᠨᠠᠷᠢᠨ ᠳᠠᠩᠰᠠ ᠶᠢ ᠡᠮᠬᠢᠯᠡᠵᠦ᠂ ᠬᠠᠪᠰᠤᠷᠤᠨ ᠬᠢᠵᠦ ᠣᠷᠣᠯᠠᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠬᠡᠷᠡᠭᠴᠡᠭᠡ ᠶᠢ ᠨᠢ ᠠᠰᠠᠭᠤᠵᠤ᠂ ᠤᠯᠠᠨ ᠲᠦᠮᠡᠨ ᠳᠤ ᠰᠠᠶᠢᠨ ᠶᠠᠪᠤᠳᠠᠯ᠂ ᠲᠦᠷᠭᠡᠨ ᠶᠠᠪᠤᠳᠠᠯ᠂ ᠪᠦᠲᠦᠭᠡᠵᠦ ᠥᠭᠭᠦᠭᠰᠡᠨ ᠪᠠᠶᠢᠨ᠎ᠠ᠃     ᠣᠨᠴᠠᠭᠠᠶ ᠬᠠᠮᠲᠤᠯᠢᠭ ᠪᠤᠶᠤ ᠣᠨᠴᠠᠭᠠᠶ ᠪᠠᠶᠢᠳᠠᠯ ᠳᠤ ᠴᠢᠭᠯᠡᠭᠦᠯᠦᠨ᠂ ᠬᠠᠪᠰᠤᠷᠤᠨ ᠬᠢᠭᠴᠢ ᠣᠷᠣᠯᠠᠨ ᠭᠦᠢᠴᠡᠳᠭᠡᠭᠴᠢ ᠠᠴᠠ ᠣᠯᠠᠨ ᠲᠦᠮᠡᠨ ᠳᠤ ᠭᠡᠷ ᠲᠤᠨᠢ ᠬᠦᠷᠴᠦ ᠬᠠᠪᠰᠤᠷᠤᠨ ᠬᠢᠭᠴᠢ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠢ ᠭᠡᠷ ᠠᠴᠠ ᠪᠠᠨ ᠭᠠᠷᠬᠤ ᠦᠭᠡᠢ ᠪᠠᠷ ᠤᠴᠢᠷ ᠶᠠᠪᠤᠳᠠᠯ ᠢ ᠰᠢᠢᠳᠪᠦᠷᠢᠯᠡᠵᠦ ᠳᠡᠶᠢᠯᠬᠦ ᠪᠣᠯᠭᠠᠨ᠎ᠠ᠃ ᠬᠦᠴᠢᠷᠳᠡᠯᠲᠡᠢ ᠣᠯᠠᠨ ᠲᠦᠮᠡᠨ᠂ ᠭᠡᠷ ᠲᠡᠭᠡᠨ ᠬᠤᠴᠣᠷᠤᠭᠰᠠᠨ ᠨᠠᠰᠤᠲᠠᠨ᠂ ᠥᠨᠥᠴᠢᠨ ᠪᠡᠯᠪᠡᠰᠦᠨ ᠵᠡᠮᠳᠡᠭ ᠵᠡᠷᠭᠡ ᠬᠠᠮᠲᠤᠯᠢᠭ ᠲᠤ ᠭᠡᠷ ᠲᠤᠨᠢ ᠬᠦᠷᠴᠦ ᠨᠠᠰᠤᠵᠢᠯ ᠤᠨ ᠬᠢᠷᠢ ᠬᠡᠮ ᠤᠨ ᠭᠡᠷᠡᠴᠢᠯᠡᠯ᠂ ᠥᠨᠳᠥᠷ ᠨᠠᠰᠤᠨ ᠤ ᠨᠡᠮᠡᠭᠦᠷᠢ ᠶᠢᠨ ᠦᠶᠡᠯᠡᠯ ᠤᠨ ᠭᠡᠷᠡᠴᠢᠯᠡᠯ᠂ ᠨᠡᠶᠢᠲᠡ ᠶᠢᠨ ᠮᠠᠰᠢᠨ ᠲᠡᠷᠭᠡᠨ ᠤ ᠺᠠᠷᠲ ᠭᠦᠢᠴᠡᠳᠬᠡᠬᠦ᠂ ᠰᠠᠷ᠎ᠠ ᠪᠦᠷᠢ ᠶᠢᠨ ᠵᠢᠷᠤᠮ ᠤᠨ ᠬᠠᠶᠢᠴᠢ ᠬᠢᠬᠦ ᠵᠡᠷᠭᠡ ᠦᠢᠯᠡᠴᠢᠯᠡᠭᠡ ᠶᠢ ᠬᠠᠪᠰᠤᠷᠤᠨ ᠭᠦᠢᠴᠡᠳᠬᠡᠵᠦ᠂ ᠰᠠᠨᠠᠭᠠᠴᠢᠯᠠᠭ᠎ᠠ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠰᠠᠨᠠᠭᠠᠴᠢᠯᠠᠭ᠎ᠠ  ᠠᠴᠠ ᠪᠠᠨ ᠬᠢᠬᠦ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠣᠯᠠᠨ ᠲᠦᠮᠡᠨ ᠤ ᠰᠡᠳᠬᠢᠯ ᠢ ᠳᠤᠯᠠᠭᠠᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠷᠠᠮᠳᠤᠯ ᠬᠤᠪᠢ ᠪᠠᠷ ᠰᠣᠯᠢᠵᠤ ᠱᠠᠩᠨᠠᠬᠤ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠬᠠᠮᠲᠤᠪᠠᠷ ᠵᠠᠰᠠᠬᠤ ᠳᠤ ᠣᠷᠣᠯᠴᠠᠬᠤ ᠢᠳᠡᠪᠬᠢᠵᠢᠯ ᠢ ᠬᠥᠭᠵᠢᠭᠡᠨ᠎ᠠ᠃      ᠴᠢᠭᠤᠯᠭᠠᠨ ᠵᠡᠭᠡᠯᠢ ᠭᠤᠳᠤᠮᠵᠢ ᠶᠢᠨ ᠬᠢᠨ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ︾ ᠭᠡᠬᠦ ᠠᠵᠢᠯ ᠤᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠣᠯᠠᠨ ᠲᠦᠮᠡᠨ ᠤ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠤᠨ ᠬᠠᠩᠭᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ᠂ ᠠᠮᠤᠷ ᠲᠦᠪᠰᠢᠨ ᠤ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号