ᠬᠠᠩᠭᠠᠢ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  — ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ  ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2025/3/27
     ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠦᠨᠡᠨᠬᠦ ᠰᠠᠶᠢᠲᠤᠷ ᠬᠢᠵᠦ᠂ ᠬᠠᠷᠢᠶ᠎ᠠ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯᠣᠨ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠠᠩᠭᠠᠢ ᠵᠡᠭᠡᠯᠢ ᠭᠤᠳᠤᠮᠵᠢ ᠶᠢᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠥᠷᠨᠢᠭᠦᠯᠵᠡᠢ᠃     ᠤᠬᠠᠭᠤᠯᠭ᠎ᠠ ᠬᠥᠮᠦᠵᠢᠯ ᠢ ᠴᠢᠩᠭᠠᠳᠬᠠᠵᠤ ᠭᠠᠯ ᠰᠡᠷᠭᠡᠶᠢᠯᠡᠬᠦ ᠠᠭᠤᠷ ᠠᠮᠢᠰᠬᠤᠯ ᠢ ᠪᠤᠢ  ᠪᠤᠯᠭᠠᠪᠠ     ᠠᠵᠢᠯᠲᠠᠳ ᠬᠠᠷᠢᠶᠠᠲᠤ ᠣᠷᠣᠨ ᠤ ᠣᠯᠠᠨ ᠲᠦᠮᠡᠨ ᠵᠢᠴᠢ ᠣᠶ ᠰᠢᠭᠤᠢ ᠡᠪᠡᠰᠦ ᠪᠡᠯᠴᠢᠭᠡᠷ ᠲᠤ ᠬᠤᠯᠪᠣᠭᠳᠠᠭᠰᠠᠨ ᠲᠡᠵᠢᠭᠡᠨ ᠦᠷᠡᠵᠢᠭᠦᠯᠬᠦ ᠡᠷᠦᠬᠡ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠᠷ ᠳᠠᠮᠵᠢᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ᠂ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠤᠲᠠ ᠬᠥᠳᠡᠭᠡ ᠶᠢᠨ ᠠᠭᠤᠯᠵᠠᠷ ᠬᠡᠰᠡᠭ᠂ ᠵᠠᠰᠠᠮᠠᠯ ᠵᠠᠮ ᠳᠠᠭᠠᠤ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠣᠷᠣᠨ ᠪᠠᠶᠢᠷᠢ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠬᠤᠰᠢᠭᠤ ᠶᠢ ᠪᠠᠶᠢᠷᠢᠯᠠᠭᠤᠯᠵᠤ᠂ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠨ᠎ᠠ᠃ ᠥᠷᠭᠡᠨ ᠣᠯᠠᠨ ᠰᠠᠭᠤᠭᠠᠯᠢ ᠠᠷᠠᠳ ᠲᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ  ᠠᠴᠠ ᠪᠠᠨ ᠵᠢᠷᠤᠮᠯᠠᠨ ᠰᠠᠬᠢᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠨ᠂ ᠭᠠᠯ ᠢ ᠪᠣᠯᠭᠤᠮᠵᠢᠲᠠᠢ ᠬᠡᠷᠡᠭᠯᠡᠵᠦ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠪᠠ ᠭᠠᠯ ᠤᠨ ᠲᠥᠷᠥᠯ ᠢ ᠣᠶ ᠰᠢᠭᠤᠢ ᠨᠤᠲᠤᠭ ᠪᠡᠯᠴᠢᠭᠡᠷ ᠲᠤ ᠠᠪᠴᠤ ᠣᠷᠣᠵᠤ ᠪᠣᠯᠬᠤ ᠦᠭᠡᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠪᠠ᠃ ᠭᠠᠯ ᠰᠡᠷᠭᠡᠶᠢᠯᠡᠬᠦ ᠤᠷᠢᠶ᠎ᠠ ᠯᠣᠽᠦ᠋ᠩ ᠤᠨ ᠲᠤᠭ ᠢ ᠨᠡᠶᠢᠳᠡ 200 ᠭᠠᠷᠭᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠨᠤᠭᠤᠯᠤᠮᠠᠯ ᠬᠠᠭᠤᠳᠠᠰᠤ ᠶᠢ 1000 ᠭᠠᠷᠤᠢ ᠬᠤᠪᠢ ᠲᠠᠷᠬᠠᠭᠠᠪᠠ᠃     ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ ᠭᠡᠨᠡᠳᠲᠡ ᠶᠢᠨ ᠬᠡᠷᠡᠭ ᠢ  ᠰᠡᠷᠭᠡᠶᠢᠯᠠᠨ᠎ᠠ     ᠴᠠᠶᠢᠳᠠᠮ ᠤᠨ ᠨᠡᠶᠢᠭᠡᠮ ᠲᠣᠭᠤᠷᠢᠭ ᠲᠤ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠴᠢ ᠪᠠᠷ ᠪᠦᠷᠢᠯᠳᠦᠭᠰᠡᠨ ᠪᠠᠴᠢᠮ ᠪᠠᠶᠢᠳᠠᠯ ᠢ ᠠᠷᠭᠠᠴᠠᠬᠤ ᠠᠯᠪᠠᠨ ᠵᠢᠷᠤᠮ ᠤᠨ ᠭᠠᠯ ᠤᠨᠲᠠᠷᠠᠭᠠᠬᠤ ᠠᠩᠭᠢ ᠶᠢᠨ ᠬᠢᠨ ᠭᠡᠨᠡᠳᠲᠡ ᠡᠭᠦᠰᠦᠭᠰᠡᠨ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠨᠲᠡ ᠲᠣᠭᠲᠠᠭᠰᠠᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠬᠠᠢ ᠶᠢᠨ ᠲᠠᠯᠠᠪᠤᠷ ᠲᠤ ᠲᠦᠷᠭᠡᠨ ᠳᠠᠭᠠᠵᠤ᠂ ᠲᠤᠬᠠᠢ ᠶᠢᠨ ᠲᠠᠯᠠᠪᠤᠷ ᠲᠤ ᠲᠦᠷᠭᠡᠨ ᠬᠦᠷᠴᠦ᠂ ᠰᠣᠷᠣᠭᠰᠠᠨ ᠮᠡᠳᠡᠯᠭᠡ ᠪᠠ ᠮᠡᠷᠭᠡᠵᠢᠯ ᠴᠢᠳᠠᠪᠤᠷᠢ ᠪᠠᠨ ᠬᠡᠷᠡᠭᠯᠡᠨ᠂ ᠰᠠᠯᠬᠢᠨ ᠬᠦᠴᠦᠨ ᠢᠶᠠᠷ ᠭᠠᠯ ᠤᠨᠲᠠᠷᠠᠭᠠᠬᠤ ᠮᠠᠰᠢᠨ ᠢ ᠠᠰᠢᠭᠯᠠᠨ ᠭᠠᠯ ᠤᠨ ᠪᠠᠶᠢᠳᠠᠯ ᠢ ᠪᠦᠲᠦᠮᠵᠢᠲᠡᠶ ᠡᠵᠡᠮᠳᠡᠬᠦ ᠬᠡᠷᠡᠭᠲᠡᠢ᠃ ᠪᠦᠬᠦ᠋ᠢᠯᠡ ᠰᠣᠷᠢᠯᠲᠠ  ᠶᠢᠨ ᠶᠠᠪᠤᠴᠠ ᠨᠢ ᠪᠠᠴᠢᠮ ᠪᠥᠭᠡᠳ ᠡᠮᠬᠢ ᠵᠢᠷᠤᠮ  ᠲᠠᠢ ᠶᠠᠪᠤᠭᠳᠠᠵᠤ᠂ ᠡᠯ᠎ᠡ ᠠᠩᠭᠢ  ᠶᠢᠨ ᠭᠡᠰᠢᠭᠦᠳ ᠰᠡᠳᠬᠢᠯ ᠰᠠᠨᠠᠭ᠎ᠠ ᠪᠠᠨ ᠣᠯᠣᠯᠴᠠᠵᠤ᠂ ᠭᠠᠯ ᠤᠨ ᠡᠬᠢ ᠰᠤᠷᠪᠤᠯᠵᠢ  ᠶᠢ ᠠᠮᠵᠢᠯᠲᠠ ᠲᠠᠢ ᠪᠠᠷ ᠤᠨᠲᠠᠷᠠᠭᠠᠵᠤ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠦᠭᠰᠡᠨ ᠪᠠᠶᠢᠨ᠎ᠠ᠃ ᠲᠣᠰ ᠤᠳᠠᠭᠠᠨ ᠤ ᠰᠣᠷᠢᠯᠲᠠ ᠳᠤ 40 ᠭᠠᠷᠤᠢ ᠬᠥᠮᠥᠨ ᠣᠷᠣᠯᠴᠠᠵᠠᠢ᠃     ᠵᠢᠵᠢᠭᠦᠷᠯᠡᠨ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ     ᠨᠢᠭᠡ ᠳᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ ᠵᠢᠴᠢ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠵᠢᠷᠤᠮᠯᠠᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠵᠦ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠭᠡᠨᠡᠳᠲᠡ ᠶᠢᠨ ᠪᠠᠶᠢᠳᠠᠯ ᠤᠨ ᠦᠳᠲᠡᠷ ᠲᠦᠷᠭᠡᠨ ᠳᠠᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠠᠵᠢᠯᠲᠠᠳ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠶ ᠰᠢᠭᠤᠢ ᠡᠪᠡᠰᠦ ᠪᠡᠯᠴᠢᠭᠡᠷ ᠲᠠᠢ ᠬᠤᠯᠪᠣᠭᠳᠠᠭᠰᠠᠨ ᠣᠷᠣᠨ ᠪᠦᠰᠡ᠂ ᠲᠡᠵᠢᠭᠡᠨ ᠦᠷᠡᠵᠢᠭᠦᠯᠬᠦ ᠡᠷᠦᠬᠡ ᠶᠢᠨ ᠡᠪᠡᠰᠦᠨ ᠣᠪᠣᠭ᠎ᠠ᠂ ᠡᠪᠡᠰᠦᠨ ᠲᠡᠷᠭᠡ ᠵᠡᠷᠭᠡ ᠳᠤ ᠪᠥᠬᠦ ᠲᠠᠯ᠎ᠠ ᠪᠠᠷ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠯᠲᠠ ᠬᠢᠵᠦ᠂ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ᠂ ᠬᠠᠷᠢᠶ᠎ᠠ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨ ᠬᠦ ᠠᠷᠢᠯᠭᠠᠬᠤ ᠬᠡᠷᠡᠭᠲᠡᠢ᠃ ᠨᠡᠶᠢᠲᠡ 12 ᠤᠳᠠᠭ᠎ᠠ ᠲᠣᠭᠤᠷᠢᠨ ᠪᠠᠶᠢᠴᠠᠭᠠᠵᠤ᠂ 20 ᠬᠥᠮᠥᠨ ᠤᠳᠠᠭ᠎ᠠ ᠠᠵᠢᠯᠯᠠᠵᠠᠢ᠃     ᠳᠠᠷᠠᠭᠠᠴᠢ ᠶᠢᠨ ᠠᠯᠬᠤᠮ ᠳᠤ᠂ ᠬᠠᠩᠭᠠᠢ ᠵᠡᠭᠡᠯᠢ ᠶᠢᠨ ᠬᠢᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠯᠲᠡ ᠶᠢᠨ ᠭᠠᠯ ᠤᠨᠲᠠᠷᠠᠭᠠᠬᠤ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠬᠠᠷᠢᠶ᠎ᠠ ᠣᠷᠣᠨ ᠤ ᠳᠣᠲᠣᠷᠠᠬᠢ ᠭᠠᠯ ᠤᠨ ᠠᠶᠤᠯ ᠤᠨ ᠳᠠᠯᠳᠠ ᠭᠡᠮ ᠠᠮᠠᠷᠬᠠᠨ ᠡᠭᠦᠰᠬᠦ ᠭᠤᠣᠯᠳᠠᠯᠭ᠎ᠠ ᠲᠠᠢ ᠣᠷᠣᠨ ᠤ ᠭᠠᠯ ᠢ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠬᠠᠷᠢᠶ᠎ᠠ ᠣᠷᠣᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠬᠠᠩᠭᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号