ᠰᠢᠯᠢ ᠶᠢᠨ ᠬᠤᠲᠠ ᠶᠢᠨ 2024 ᠣᠨ ᠤ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/3/27
     ᠰᠢᠯᠢ ᠶᠢᠨ ᠬᠤᠲᠠ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ 25890.61 ᠲᠦᠮᠡᠨ ᠪᠣᠰᠤᠭ᠎ᠠ ᠳᠥᠷᠪᠡᠯᠵᠢᠨ ᠮᠧᠲᠷ\ ᠵᠢᠯ ᠳᠤ᠂ ᠡᠭᠦᠨ ᠳᠤ᠂ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ 2243.66 ᠲᠦᠮᠡᠨ ᠪᠣᠰᠤᠭ᠎ᠠ ᠳᠥᠷᠪᠡᠯᠵᠢᠨ ᠮᠧᠲᠷ\ ᠵᠢᠯ ᠳᠤ᠂ ᠠᠰᠢᠭᠯᠠᠵᠤ ᠪᠣᠯᠬᠤ ᠬᠡᠮᠵᠢᠶ᠎ᠡ 1129 ᠲᠦᠮᠡᠨ ᠪᠣᠰᠤᠭ᠎ᠠ ᠳᠥᠷᠪᠡᠯᠵᠢᠨ ᠮᠧᠲᠷ\ ᠵᠢᠯ ᠳᠤ︔ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ 20739.68 ᠲᠦᠮᠡᠨ ᠪᠣᠰᠤᠭ᠎ᠠ ᠳᠥᠷᠪᠡᠯᠵᠢᠨ ᠮᠧᠲᠷ\ ᠵᠢᠯ ᠳᠤ᠂ ᠮᠠᠯᠲᠠᠵᠤ ᠪᠣᠯᠬᠤ ᠬᠡᠮᠵᠢᠶ᠎ᠡ 12419.16 ᠲᠦᠮᠡᠨ ᠪᠣᠰᠤᠭ᠎ᠠ ᠳᠥᠷᠪᠡᠯᠵᠢᠨ ᠮᠧᠲᠷ\ ᠵᠢᠯ ᠳᠤ᠃     2024 ᠣᠨ ᠳᠤ ᠰᠢᠯᠢ ᠶᠢᠨ ᠬᠤᠲᠠ  ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ 7503.03 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠡᠢ᠃ ᠡᠭᠦᠨ ᠳᠤ᠂ ᠠᠮᠢᠳᠤᠷᠠᠯ ᠳᠤ ᠬᠡᠷᠡᠭᠯᠡᠬᠦ ᠤᠰᠤ 2281.71 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠡᠵᠡᠯᠡᠨ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢᠨ 30.41% ᠶᠢ ᠡᠵᠡᠯᠡᠨ᠎ᠡ︔ ᠠᠵᠤ ᠦᠢᠯᠡᠳᠪᠦᠷᠢ ᠳᠤ ᠬᠡᠷᠡᠭᠯᠡᠬᠦ ᠤᠰᠤ 1132.25 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠡᠵᠡᠯᠡᠨ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢᠨ 15.09% ᠳᠤ ᠬᠦᠷᠴᠡᠢ︔ ᠲᠠᠷᠢᠶᠠᠯᠠᠩ ᠳᠤ ᠬᠡᠷᠡᠭᠯᠡᠬᠦ ᠤᠰᠤ 3581.85 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠤᠰᠤᠨ ᠤ ᠶᠡᠷᠦᠩᠬᠡᠢ ᠬᠡᠮᠵᠢᠶ᠎ᠡ ᠶᠢᠨ 47.74% ᠶᠢ ᠡᠵᠡᠯᠡᠪᠡ; ᠬᠥᠮᠥᠨ ᠤ ᠬᠦᠴᠦ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠨᠥᠬᠦᠪᠦᠷᠢᠯᠡᠬᠦ ᠤᠰᠤ 507.22 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠤᠰᠤᠨ ᠤ ᠶᠡᠷᠦᠩᠬᠡᠢ ᠬᠡᠮᠵᠢᠶᠡᠨ ᠤ 6.76% ᠶᠢ ᠡᠵᠡᠯᠡᠪᠡ᠃ ᠭᠠᠵᠠᠷ ᠳᠡᠭᠡᠷᠡᠬᠢ ᠤᠰᠤᠨ ᠤ ᠡᠬᠢ ᠰᠤᠷᠪᠤᠯᠵᠢ ᠶᠢᠨ ᠬᠠᠩᠭᠠᠬᠤ ᠤᠰᠤᠨ ᠤ ᠬᠡᠮᠵᠢᠶ᠎ᠡ 233.98 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠬᠠᠩᠭᠠᠬᠤ ᠤᠰᠤᠨ ᠤ ᠶᠡᠷᠦᠩᠬᠡᠢ ᠬᠡᠮᠵᠢᠶ᠎ᠡ ᠶᠢᠨ 3.12% ᠢ ᠡᠵᠡᠯᠡᠪᠡ︔ ᠭᠠᠵᠠᠷ ᠳᠣᠣᠷᠠᠬᠢ ᠤᠰᠤᠨ ᠤ ᠡᠬᠢ ᠰᠤᠷᠪᠤᠯᠵᠢ ᠶᠢᠨ ᠤᠰᠤ ᠬᠠᠩᠭᠠᠬᠤ ᠬᠡᠮᠵᠢᠶ᠎ᠡ 6157.78 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠤᠰᠤ ᠬᠠᠩᠭᠠᠬᠤ ᠶᠡᠷᠦᠩᠬᠡᠢ ᠬᠡᠮᠵᠢᠶ᠎ᠡ ᠶᠢᠨ 82.07% ᠶᠢ ᠡᠵᠡᠯᠡᠪᠡ︔ ᠪᠤᠰᠤᠳ ︵ᠡᠩ ᠤᠨ ᠪᠤᠰᠤ︶ ᠤᠰᠤᠨ ᠤ ᠡᠬᠢ ᠰᠤᠷᠪᠤᠯᠵᠢ ᠶᠢᠨ ᠤᠰᠤ ᠬᠠᠩᠭᠠᠬᠤ ᠬᠡᠮᠵᠢᠶ᠎ᠡ 1111.27 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠤᠰᠤ ᠬᠠᠩᠭᠠᠬᠤ ᠶᠡᠷᠦᠩᠬᠡᠢ ᠬᠡᠮᠵᠢᠶ᠎ᠡ ᠶᠢᠨ 14.81% ᠶᠢ ᠡᠵᠡᠯᠡᠨ᠎ᠡ᠃      2024 ᠣᠨ ᠳᠤ  ᠰᠢᠯᠢ ᠶᠢᠨ ᠬᠤᠲᠠ ᠶᠢᠨ ᠰᠢᠯᠢ ᠶᠢᠨ ᠭᠤᠣᠯ ᠤᠨ ᠤᠰᠤᠨ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ 430 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠲᠦᠮᠡᠨ ᠲᠥᠭᠦᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ︵ᠲᠤᠬᠠᠢ ᠶᠢᠨ ᠵᠢᠯ ᠤᠨ ᠦᠨ᠎ᠡ︶ ᠤᠨ ᠤᠰᠤ ᠬᠡᠷᠡᠭᠯᠡᠬᠦ ᠬᠡᠮᠵᠢᠶ᠎ᠡ ᠨᠢ 20.53 ᠪᠣᠰᠤᠭ᠎ᠠ ᠳᠥᠷᠪᠡᠯᠵᠢᠨ ᠮᠧᠲᠷ/ᠲᠦᠮᠡᠨ ᠲᠥᠭᠦᠷᠢᠭ ᠪᠠᠶᠢᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ︵ᠲᠤᠬᠠᠢ ᠶᠢᠨ ᠵᠢᠯ ᠤᠨ ᠦᠨ᠎ᠡ︶ ᠤᠨ ᠤᠰᠤ ᠬᠡᠷᠡᠭᠯᠡᠬᠦ ᠬᠡᠮᠵᠢᠶ᠎ᠡ ᠨᠢ 9.40 ᠪᠣᠰᠤᠭ᠎ᠠ ᠳᠥᠷᠪᠡᠯᠵᠢᠨ ᠮᠧᠲᠷ/ᠲᠦᠮᠡᠨ ᠲᠥᠭᠦᠷᠢᠭ ᠪᠠᠶᠢᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠨᠢ 0.7634 ᠪᠣᠯᠣᠨ᠎ᠠ᠃
 
ᠢᠷᠡᠯᠲᠡ᠄ ᠰᠢᠯᠢ ᠶᠢᠨ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号