3 ᠰᠠᠷ᠎ᠠ ᠶᠢᠨ 20 ᠤ ᠡᠳᠦᠷ᠂ ᠪᠡᠭᠡᠵᠢᠩ ᠤᠨ ᠴᠢᠶᠠᠨ ᠽᠧ ᠪᠡᠯᠡ ᠣᠷᠣᠭᠤᠯᠤᠯᠲᠠ ᠶᠢᠨ ᠬᠢᠵᠠᠭᠠᠷᠲᠤ | ᠺᠣᠮᠫᠠᠨᠢ ᠮᠠᠨ ᠤ ᠬᠤᠲᠠ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠰᠢᠯᠢᠩᠬᠤᠲᠠ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ | ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠲᠠᠢ ᠮᠠᠯ ᠠᠵᠤ ᠠᠬᠤᠢ ᠲᠡᠵᠢᠭᠡᠨ ᠦᠷᠡᠵᠢᠭᠦᠯᠬᠦ ᠵᠢᠴᠢ ᠠᠷᠠᠯᠵᠢᠶᠠᠨ ᠤ ᠲᠠᠪᠴᠠᠩ ᠪᠠᠶᠢᠭᠤᠯᠬᠤ | ᠲᠥᠷᠥᠯ ᠵᠦᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠂ ᠡᠨᠡ ᠨᠢ ᠲᠣᠰ ᠭᠠᠵᠠᠷ ᠣᠷᠣᠨ ᠤ ︽ᠢᠨᠲ᠋ᠧᠷ | ᠰᠦᠯᠵᠢᠶ᠎ᠡ + ᠮᠠᠯ ᠠᠵᠤ ᠠᠬᠤᠢ ᠶᠢᠨ ᠠᠵᠤ ᠦᠢᠯᠡᠰ︾ ᠤᠨ ᠠᠭᠤᠰᠤᠯᠳᠤᠨ ᠬᠥᠭᠵᠢᠬᠦ ᠶᠢ ᠠᠬᠢᠭᠤᠯᠬᠤ ᠶᠢᠨ | ᠲᠥᠯᠥᠭᠡ ᠶᠤᠮ᠃ | ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠵᠢᠴᠢ ᠠᠷᠠᠯᠵᠢᠶᠠᠯᠠᠬᠤ ᠲᠠᠪᠴᠠᠩ ᠪᠣᠯ ᠰᠦᠯᠵᠢᠶᠡᠨ ᠳᠡᠭᠡᠷᠡᠬᠢ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠵᠠᠬᠢᠶᠠᠯᠠᠭ᠎ᠠ ᠶᠢᠨ ᠬᠠᠭᠤᠳᠠᠰᠤ᠂ ᠲᠠᠷᠢᠶᠠᠯᠠᠩ | ᠮᠠᠯ ᠠᠵᠤ ᠠᠬᠤᠢ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠵᠠᠬᠢᠶᠠᠯᠠᠭ᠎ᠠ ᠶᠢᠨ ᠬᠠᠭᠤᠳᠠᠰᠤ᠂ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠠᠬᠢᠶᠠᠯᠠᠭ᠎ᠠ ᠶᠢᠨ ᠬᠠᠭᠤᠳᠠᠰᠤ ᠶᠢᠨ ᠬᠡᠯᠪᠡᠷᠢ ᠪᠠᠷ ᠳᠠᠮᠵᠢᠭᠤᠯᠤᠨ | ᠦᠢᠯᠡᠳᠪᠦᠷᠢᠯᠡᠬᠦ᠂ ᠬᠤᠳᠠᠯᠳᠤᠨ ᠠᠪᠬᠤ᠂ ᠪᠣᠷᠣᠯᠠᠭᠤᠯᠬᠤ ᠭᠤᠷᠪᠠᠨ ᠱᠠᠲᠤᠨ ᠤ ᠬᠠᠮᠢᠶᠠᠷᠤᠯᠲᠠ ᠶᠢ ᠪᠡᠶᠡᠯᠡᠭᠦᠯᠵᠦ᠂ | ᠲᠡᠷᠢᠭᠦᠨ ᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ᠂ ᠪᠣᠯᠪᠠᠰᠤᠷᠠᠩᠭᠤᠢ ᠰᠢᠰᠲ᠋ᠧᠮᠵᠢ ᠶᠢ ᠠᠰᠢᠭᠯᠠᠨ ᠲᠠᠷᠢᠶᠠᠯᠠᠩ | ᠮᠠᠯ ᠠᠵᠤ ᠠᠬᠤᠢ ᠳᠤ ᠦᠢᠯᠡᠴᠢᠯᠡᠵᠦ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠲᠣᠰ | ᠭᠠᠵᠠᠷ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠲᠠᠢ ᠣᠷᠭᠠᠨᠢᠭ ᠢᠶᠠᠷ ᠤᠶᠠᠯᠳᠤᠭᠤᠯᠤᠨ᠎ᠠ᠃ | ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠵᠢᠴᠢ ᠠᠷᠠᠯᠵᠢᠶᠠᠨ ᠤ ᠲᠠᠪᠴᠠᠩ ᠢ ᠪᠠᠶᠢᠭᠤᠯᠤᠭᠰᠠᠨ ᠨᠢ ᠠᠮᠢᠳᠤ | ᠮᠠᠯ ᠤᠨ ᠠᠷᠠᠯᠵᠢᠶᠠᠨ ᠤ ᠶᠠᠪᠤᠴᠠ ᠳᠠᠬᠢ ᠠᠷᠠᠯᠵᠢᠶᠠᠨ ᠤ ᠬᠡᠯᠬᠢᠶ᠎ᠡ ᠣᠷᠳᠣ᠂ ᠶᠠᠰᠤ ᠴᠢᠨᠠᠷ ᠨᠢ ᠪᠠᠲᠤᠯᠠᠭ᠎ᠠ ᠦᠭᠡᠢ᠂ | ᠶᠠᠰᠤ ᠴᠢᠨᠠᠷ ᠨᠢ ᠨᠡᠬᠡᠮᠵᠢᠯᠡᠵᠦ ᠪᠣᠯᠣᠰᠢ ᠦᠭᠡᠢ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠲᠣᠰ | ᠭᠠᠵᠠᠷ ᠣᠷᠣᠨ ᠤ ᠮᠠᠯ ᠠᠵᠤ ᠠᠬᠤᠢ ᠶᠢᠨ ᠠᠵᠤ ᠦᠢᠯᠡᠰ ᠤᠨ ᠭᠦᠢᠯᠭᠡᠭᠡᠨ ᠤ ᠪᠥᠬᠦ ᠶᠠᠪᠤᠴᠠ ᠶᠢ ᠲᠣᠭᠠᠴᠢᠯᠠᠬᠤ᠂ | ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢ ᠮᠥᠷᠳᠡᠬᠦ ᠬᠦᠷᠢᠶᠡᠨ ᠳᠠᠬᠢ ᠵᠠᠮ ᠨᠡᠭᠡᠭᠡᠨ ᠰᠢᠨ᠎ᠡ ᠶᠢ | ᠡᠭᠦᠳᠬᠦ ᠶᠢ ᠲᠦᠯᠬᠢᠨ ᠠᠬᠢᠭᠤᠯᠵᠤ᠂ ᠮᠠᠨ ᠤ ᠬᠤᠲᠠ ᠶᠢᠨ ︽ᠢᠨᠲ᠋ᠧᠷ ᠰᠦᠯᠵᠢᠶ᠎ᠡ + ᠮᠠᠯ ᠠᠵᠤ ᠠᠬᠤᠢ ᠶᠢᠨ | ᠠᠵᠤ ᠦᠢᠯᠡᠰ︾ ᠤᠨ ᠵᠠᠭᠪᠤᠷ ᠤᠨ ᠬᠥᠭᠵᠢᠯᠲᠡ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | |