ᠵᠠᠭᠤᠨ ᠬᠠᠤᠯᠢᠴᠢ ᠶᠢᠨ ᠬᠠᠮᠲᠤᠷᠠᠭᠰᠠᠨ ᠵᠠᠭᠤᠨ ᠰᠤᠷᠭᠠᠭᠤᠯᠢ ︽ᠬᠠᠤᠯᠢ ᠪᠠᠷ ᠵᠠᠰᠠᠬᠤ ᠪᠠᠭᠠᠴᠤᠳ ᠤᠨ | ᠠᠶᠠᠯᠠᠯ︾ ᠤᠨ ᠬᠠᠤᠯᠢ ᠴᠠᠭᠠᠵᠠ ᠶᠢᠨ ᠴᠤᠭᠯᠠᠭ᠎ᠠ ᠮᠠᠶᠢᠮᠠᠢ ᠲᠦᠷᠦᠭᠦᠬᠡᠨ ᠰᠢᠯᠢᠩᠬᠤᠲᠠ ᠶᠢᠨ ᠭᠤᠷᠪᠠᠳᠤᠭᠠᠷ ᠪᠠᠭ᠎ᠠ | ᠰᠤᠷᠭᠠᠭᠤᠯᠢ ᠳᠤ ᠶᠠᠪᠤᠭᠳᠠᠪᠠ᠃ | ᠬᠠᠤᠯᠢ ᠴᠠᠭᠠᠵᠠ ᠶᠢᠨ ᠲᠣᠮᠣ ᠴᠤᠭᠯᠠᠭ᠎ᠠ ᠮᠠᠶᠢᠮᠠᠢ ᠳᠤ ᠬᠠᠤᠯᠢ ᠴᠠᠭᠠᠵᠠ ᠶᠢᠨ ᠬᠡᠷᠡᠭ ᠬᠠᠶᠢᠬᠤ ᠣᠷᠳᠣᠨ᠂ | ᠬᠠᠤᠯᠢ ᠴᠠᠭᠠᠵᠠ ᠶᠢᠨ ᠣᠨᠢᠰᠤᠭ᠎ᠠ ᠶᠢ ᠵᠠᠯᠭᠠᠭ᠎ᠠ ᠪᠠᠷ ᠦᠵᠡᠬᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠷᠭᠡᠨ | ᠠᠰᠠᠭᠤᠵᠤ ᠲᠦᠷᠭᠡᠨ ᠬᠠᠷᠢᠭᠤᠯᠬᠤ᠂ ᠬᠠᠤᠯᠢ ᠴᠠᠭᠠᠵᠠ ᠶᠢᠨ ︽ᠲᠣᠮᠣ ᠪᠠᠶᠠᠨ︾᠂ ᠬᠠᠤᠯᠢ ᠴᠠᠭᠠᠵᠠ ᠶᠢᠨ ᠵᠢᠷᠤᠭ | ᠨᠡᠶᠢᠯᠡᠭᠦᠯᠬᠦ ᠥᠷᠢᠰᠦᠯᠳᠦᠭᠡᠨ᠂ ᠬᠠᠤᠯᠢ ᠴᠠᠭᠠᠵᠠ ᠶᠢᠨ ᠦᠢᠯᠡᠳᠬᠡᠯ ᠤᠨ ᠭᠠᠵᠠᠷ᠂ ᠬᠠᠤᠯᠢ ᠴᠠᠭᠠᠵᠠ ᠶᠢᠨ ᠬᠥᠮᠥᠨ ᠤ | ᠠᠮᠢᠳᠤᠷᠠᠯ ᠤᠨ ᠥᠩᠭᠡᠷᠡᠯᠲᠡ ᠵᠡᠷᠭᠡ ᠰᠤᠷᠭᠠᠭᠤᠯᠢ ᠶᠢᠨ ᠳᠣᠲᠣᠨ᠎ᠠ ᠭᠠᠳᠠᠨᠠᠬᠢ ᠬᠠᠤᠯᠢ ᠪᠠᠷ ᠵᠠᠰᠠᠬᠤ ᠰᠤᠷᠤᠯᠴᠠᠯᠭ᠎ᠠ | ᠪᠠ ᠬᠠᠤᠯᠢ ᠪᠠᠷ ᠵᠠᠰᠠᠬᠤ ᠦᠢᠯᠡᠳᠦᠯᠭᠡ ᠶᠢ ᠤᠶᠠᠯᠳᠤᠭᠤᠯᠤᠭᠰᠠᠨ ᠲᠣᠭᠯᠠᠭᠠᠮ ᠤᠨ ᠭᠤᠭᠴᠤᠭ᠎ᠠ ᠪᠠᠶᠢᠳᠠᠭ᠃ | ᠬᠡᠦᠬᠡᠳ ᠤᠳ ᠡᠯ᠎ᠡ ᠵᠦᠢᠯ ᠤᠨ ᠲᠣᠭᠯᠠᠭᠠᠮ ᠢ ᠢᠳᠡᠪᠬᠢᠲᠡᠢ ᠪᠠᠷ ᠬᠢᠵᠦ᠂ ᠬᠠᠤᠯᠢ ᠴᠠᠭᠠᠵᠠ ᠶᠢᠨ ᠠᠵᠢᠯᠲᠠᠳ ᠲᠠᠢ | ᠢᠳᠡᠪᠬᠢᠲᠡᠢ ᠪᠠᠷ ᠬᠠᠷᠢᠯᠴᠠᠵᠤ᠂ ᠬᠠᠤᠯᠢ ᠴᠠᠭᠠᠵᠠ ᠶᠢᠨ ᠰᠤᠷᠤᠯᠴᠠᠯᠭ᠎ᠠ ᠶᠢᠨ ᠣᠶᠢᠯᠠᠭᠠᠯᠲᠠ ᠪᠠ ᠰᠣᠨᠢᠷᠬᠠᠯᠲᠤ | ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠪᠠᠶᠢᠨ᠎ᠠ᠃ | ︽ᠪᠢ ᠡᠩ ᠤᠨ ᠦᠶ᠎ᠡ ᠳᠡᠭᠡᠨ ᠬᠡᠷᠡᠭ ᠬᠠᠶᠢᠭᠰᠠᠨ ᠦᠯᠢᠭᠡᠷ ᠰᠣᠨᠣᠰᠬᠤ ᠳᠤᠷᠠᠲᠠᠢ ᠪᠥᠭᠡᠳ ᠡᠷᠡᠭᠦᠦ ᠶᠢᠨ | ᠬᠠᠤᠯᠢ ᠶᠢᠨ ᠲᠤᠬᠠᠢ ᠴᠤ ᠡᠳᠦᠢ ᠲᠡᠳᠦᠢ ᠣᠶᠢᠯᠠᠭᠠᠯᠲᠠ ᠲᠠᠢ ᠪᠠᠶᠢᠳᠠᠭ᠂ ᠥᠨᠥᠳᠥᠷ ᠪᠢ ᠬᠠᠤᠯᠢᠴᠢ ᠠᠪᠠᠭ᠎ᠠ | ᠠᠨᠢᠶ᠎ᠠ ᠲᠠᠢ ᠪᠠᠨ ᠠᠭᠤᠯᠵᠠᠵᠤ᠂ ᠲᠡᠳᠡᠨ ᠠᠴᠠ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠠᠰᠠᠭᠤᠳᠠᠯ ᠢ | ᠠᠰᠠᠭᠤᠵᠤ ᠰᠤᠷᠠᠭᠯᠠᠭᠰᠠᠨ ᠠᠴᠠ ᠪᠢ ᠬᠠᠤᠯᠢ ᠴᠠᠭᠠᠵᠠ ᠶᠢᠨ ᠮᠡᠳᠡᠯᠭᠡ ᠶᠢ ᠶᠡᠭᠡ ᠪᠠᠷ ᠨᠡᠮᠡᠭᠳᠡᠭᠦᠯᠵᠡᠢ︾᠃ ᠭᠡᠵᠦ | ᠰᠤᠷᠤᠭᠴᠢ ᠵᠠᠩ ᠸᠧᠢ ᠴᠢ ᠪᠠᠶᠠᠷᠲᠠᠢ ᠪᠠᠷ ᠬᠡᠯᠡᠪᠡ᠃ | ᠲᠣᠰ ᠤᠳᠠᠭᠠᠨ ᠤ ᠬᠠᠤᠯᠢ ᠴᠠᠭᠠᠵᠠ ᠶᠢᠨ ᠴᠤᠭᠯᠠᠭ᠎ᠠ ᠮᠠᠶᠢᠮᠠᠢ ᠶᠢᠨ ᠵᠣᠷᠢᠯᠭ᠎ᠠ ᠨᠢ ᠣᠯᠠᠨ ᠲᠠᠯ᠎ᠠ᠂ ᠣᠯᠠᠨ | ᠬᠡᠯᠪᠡᠷᠢ ᠪᠠᠷ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠬᠠᠤᠯᠢ | ᠴᠠᠭᠠᠵᠠ ᠶᠢᠨ ᠤᠬᠠᠮᠰᠠᠷ ᠲᠠᠢ ᠪᠣᠯᠭᠠᠵᠤ᠂ ᠬᠠᠤᠯᠢ ᠪᠠᠷ ᠵᠠᠰᠠᠬᠤ ᠶᠢᠨ ᠦᠷ᠎ᠡ ᠶᠢ ᠰᠤᠷᠭᠠᠭᠤᠯᠢ ᠶᠢᠨ ᠬᠦᠷᠢᠶᠡᠨ ᠳᠤ ︽ | ᠳᠠᠷᠢᠵᠤ︾᠂ ︽ᠳᠠᠷᠢᠵᠤ︾᠂ ᠬᠠᠤᠯᠢ ᠴᠠᠭᠠᠵᠠ ᠶᠢᠨ ᠬᠦᠴᠦᠨ ᠢᠶᠠᠷ ᠵᠠᠯᠠᠭᠤᠴᠤᠳ ᠪᠠᠭᠠᠴᠤᠳ ᠤᠨ ᠡᠷᠡᠭᠦᠯ ᠢᠶᠠᠷ | ᠦᠰᠦᠨ ᠪᠣᠶᠢᠵᠢᠬᠤ ᠶᠢ ᠬᠠᠮᠠᠭᠠᠯᠠᠬᠤ ᠶᠢᠨ ᠲᠥᠯᠥᠭᠡ ᠶᠤᠮ᠃ ︽ᠲᠠᠷᠠᠭᠠᠴᠢ ᠶᠢᠨ ᠠᠯᠬᠤᠮ ᠳᠤ᠂ ᠬᠠᠤᠯᠢ | ᠴᠠᠭᠠᠵᠠ ᠶᠢᠨ ᠴᠤᠭᠯᠠᠭ᠎ᠠ ᠮᠠᠶᠢᠮᠠᠢ ᠶᠢ ᠨᠡᠶᠢᠭᠡᠮ ᠳᠤ ᠬᠠᠨᠳᠤᠭᠤᠯᠤᠨ ᠥᠷᠨᠢᠭᠦᠯᠵᠦ᠂ ᠭᠥᠯᠢᠶᠡᠨ ᠠᠪᠤᠭᠴᠢᠳ ᠤᠨ | ᠬᠡᠪᠴᠢᠶ᠎ᠡ ᠶᠢ ᠰᠤᠷᠤᠭᠴᠢᠳ ᠠᠴᠠ ᠬᠤᠲᠠ ᠶᠢᠨ ᠠᠷᠠᠳ ᠬᠦᠷᠲᠡᠯ᠎ᠡ ᠥᠷᠭᠡᠳᠬᠡᠨ᠂ ᠲᠠᠯᠠᠪᠠᠶ᠂ ᠴᠡᠴᠡᠷᠯᠢᠭ ᠵᠡᠷᠭᠡ | ᠣᠯᠠᠨ ᠨᠡᠶᠢᠲᠡ ᠶᠢᠨ ᠲᠠᠯᠠᠪᠤᠷ ᠲᠤ ᠡᠷᠭᠢᠯᠡᠵᠦ᠂ ᠬᠡᠯᠪᠡᠷᠢ ᠶᠢ ᠨᠢ ᠨᠠᠩ ᠪᠠᠶᠠᠯᠢᠭ ᠪᠣᠯᠭᠠᠵᠤ᠂ ︿ᠨᠡᠪᠲᠡᠷᠡᠭᠦᠯᠬᠦ ᠮᠠᠶ᠋ᠢᠭ﹀ | ᠤᠨ ᠬᠠᠤᠯᠢ ᠴᠠᠭᠠᠵᠠ ᠶᠢᠨ ᠤᠬᠠᠭᠤᠯᠭ᠎ᠠ ᠶᠢ ︿ᠵᠢᠪᠪᠦᠭᠦᠯᠬᠦ ᠮᠠᠶ᠋ᠢᠭ﹀ ᠤᠨ ᠪᠡᠶᠡᠴᠢᠯᠡᠨ ᠣᠶᠢᠯᠠᠭᠠᠬᠤ ᠵᠠᠭᠪᠤᠷ | ᠪᠣᠯᠭᠠᠨ ᠬᠤᠪᠢᠷᠠᠭᠤᠯᠵᠤ᠂ ᠭᠥᠯᠢᠶᠡᠨ ᠠᠪᠤᠭᠴᠢᠳ ᠤᠨ ᠭᠥᠯᠢᠶᠡᠨ ᠠᠪᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠡᠶᠢᠭᠡᠮ | ᠳᠠᠶᠠᠭᠠᠷ ᠲᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ︾ ᠭᠡᠵᠡᠢ᠃ ᠭᠡᠵᠦ ᠥᠪᠡᠷᠲᠡᠭᠡᠨ ᠵᠠᠰᠠᠬᠤ | ᠣᠷᠣᠨ ᠤ ᠬᠠᠤᠯᠢᠴᠢ ᠶᠢᠨ ᠨᠡᠶᠢᠭᠡᠮᠯᠢᠭ ᠤᠨ ᠳᠡᠳ᠋ ᠳᠠᠷᠤᠭ᠎ᠠ᠂ ᠰᠢᠯᠢ ᠶᠢᠨ ᠭᠤᠣᠯ ᠠᠶᠢᠮᠠᠭ ᠤᠨ ᠬᠠᠤᠯᠢᠴᠢ ᠶᠢᠨ | ᠨᠡᠶᠢᠭᠡᠮᠯᠢᠭ ᠤᠨ ᠳᠠᠷᠤᠭ᠎ᠠ ᠸᠠᠩ ᠭᠤᠸᠠᠩ ᠵᠢᠶᠦ᠋ᠨ ᠬᠡᠯᠡᠪᠡ᠃ | |