ᠶᠡᠷᠦ ᠠᠴᠠ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠶᠡᠷᠦᠩᠬᠡᠢ ᠳᠡᠭᠡᠨ ᠴᠥᠮ ᠶᠡᠷᠦᠩᠬᠡᠢ | ᠲᠥᠯᠦᠪᠵᠢᠭᠦᠯᠭᠡ ᠶᠢᠨ ᠶᠣᠰᠣᠭᠠᠷ ᠵᠢᠷᠤᠵᠤ ᠲᠥᠯᠥᠪᠯᠡᠨ᠂ ᠶᠡᠷᠦᠩᠬᠡᠢ ᠴᠣᠭᠴᠠ ᠶᠢᠨ ᠰᠢᠯᠭᠠᠨ ᠪᠠᠶᠢᠴᠠᠭᠠᠯᠲᠠ ᠬᠢᠵᠦ᠂ | ᠶᠡᠷᠦᠩᠬᠡᠢ ᠴᠣᠭᠴᠠ ᠶᠢᠨ ᠦᠨᠡᠮᠯᠡᠯ ᠢ ᠭᠦᠢᠴᠡᠳᠬᠡᠳᠡᠭ᠂ ᠭᠡᠪᠡᠴᠦ ᠵᠠᠷᠢᠮ ᠵᠦᠢᠯᠡᠰ ᠤᠨ ᠲᠠᠩ ᠴᠣᠭᠴᠠᠲᠤ ᠪᠠᠷᠢᠯᠭ᠎ᠠ ᠶᠢ | ᠪᠠᠶᠢᠭᠤᠯᠵᠤ ᠳᠠᠭᠤᠰᠤᠭᠰᠠᠨ ᠤ ᠲᠠᠷᠠᠭ᠎ᠠ᠂ ᠠᠵᠤ ᠠᠬᠤᠶᠢᠯᠠᠯ ᠤᠳ ᠠᠯᠢ ᠲᠦᠷᠭᠡᠨ ᠢᠶᠠᠷ ᠠᠰᠢᠭᠯᠠᠯᠲᠠ ᠳᠤ | ᠣᠷᠣᠭᠤᠯᠵᠤ᠂ ᠪᠡᠯᠡ ᠮᠥᠩᠭᠦ ᠪᠠᠨ ᠪᠤᠴᠠᠭᠠᠨ ᠠᠪᠴᠢᠷᠠᠬᠤ ᠶᠢ ᠬᠦᠰᠡᠵᠦ ᠪᠠᠶᠢᠪᠠ᠃ ᠡᠭᠦᠨ ᠤ ᠲᠤᠯᠠᠳᠠ᠂ ᠪᠥᠬᠦ | ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠵᠢᠯᠣᠭᠤᠳᠤᠯᠭ᠎ᠠ | ᠳᠣᠣᠷ᠎ᠠ᠂ ᠰᠢᠯᠢ ᠶᠢᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠱᠠᠭᠠᠷᠳᠠᠯᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠳᠦᠷᠢᠮ ᠤᠨ ᠥᠭᠡᠷᠡᠴᠢᠯᠡᠯᠲᠡ ᠶᠢᠨ ᠲᠠᠯ᠎ᠠ ᠪᠠᠷ ︽ᠰᠢᠨ᠎ᠡ ᠶᠢ ᠡᠭᠦᠳᠬᠦ︾᠂ ᠶᠠᠪᠤᠴᠠ ᠶᠢ | ᠰᠢᠯᠢᠳᠡᠭᠵᠢᠭᠦᠯᠬᠦ ᠭᠤᠭᠴᠤᠭ᠎ᠠ ᠶᠢᠨ ᠲᠠᠯ᠎ᠠ ᠪᠠᠷ ︽ᠬᠦᠨᠳᠦ ᠶᠢ ᠪᠠᠭᠠᠰᠬᠠᠬᠤ︾᠂ ᠰᠢᠨ᠎ᠡ ᠶᠢ ᠡᠭᠦᠳᠬᠦ | ᠦᠢᠯᠡᠴᠢᠯᠡᠭᠡ ᠶᠢᠨ ᠲᠠᠯ᠎ᠠ ᠪᠠᠷ ᠦᠷᠭᠦᠯᠵᠢᠯᠡᠨ ︽ᠲᠤᠭ᠎ᠠ ᠨᠡᠮᠡᠵᠦ︾᠂ ᠡᠮᠦᠨᠡᠬᠢ ᠬᠤᠭᠤᠴᠠᠭᠠᠨ ᠳᠤ ︽ᠱᠠᠲᠤ | ᠬᠤᠪᠢᠶᠠᠨ ᠪᠠᠷᠢᠯᠭ᠎ᠠ ᠪᠠᠷᠢᠬᠤ ᠵᠥᠪᠰᠢᠶᠡᠷᠡᠯ︾ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠠᠵᠤ | ᠠᠬᠤᠶᠢᠯᠠᠯ ᠤᠨ ᠬᠡᠷᠡᠭᠰᠡᠬᠦ ᠰᠢᠨ᠎ᠡ ᠶᠢ ᠡᠭᠦᠳᠬᠦ ᠳᠤ ︽ᠬᠡᠰᠡᠭ ᠬᠤᠪᠢᠶᠠᠬᠤ ᠬᠡᠯᠪᠡᠷᠢ︾ ᠶᠢᠨ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠠᠵᠢᠯ ᠢ ᠪᠠᠴᠢᠮ ᠥᠷᠨᠢᠭᠦᠯᠪᠡ᠃ ᠁︽ᠬᠡᠰᠡᠭᠯᠡᠬᠦ ᠬᠡᠯᠪᠡᠷᠢ︾ ᠶᠢᠨ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠭᠡᠳᠡᠭ ᠨᠢ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ ᠢ ᠨᠢᠭᠡ | ᠬᠤᠪᠢ ᠭᠦᠢᠴᠡᠳᠬᠡᠭᠰᠡᠨ ᠪᠣᠯᠪᠠᠴᠤ ᠤᠯᠠᠨ ᠳᠠᠩ ᠴᠣᠭᠴᠠᠲᠤ ᠪᠠᠷᠢᠯᠭ᠎ᠠ ᠳᠤ ᠬᠤᠯᠪᠣᠭᠳᠠᠭᠰᠠᠨ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠳᠤ᠂ ᠳᠠᠩ ᠴᠣᠭᠴᠠᠲᠤ ᠪᠠᠷᠢᠯᠭ᠎ᠠ ᠶᠢ ︽ᠴᠢᠳᠠᠮᠵᠢ ᠨᠢ ᠪᠡᠶ᠎ᠡ ᠪᠠᠨ ᠳᠠᠭᠠᠭᠠᠬᠤ᠂ ᠵᠦᠢ | ᠵᠣᠬᠢᠰᠲᠠᠢ ᠪᠠᠷ ᠰᠠᠯᠭᠠᠬᠤ︾ ᠵᠠᠷᠴᠢᠮ ᠶᠣᠰᠣᠭᠠᠷ ᠬᠡᠳᠦᠨ ᠬᠤᠪᠢᠶᠠᠷᠢ ᠪᠠᠷᠢᠯᠭ᠎ᠠ ᠪᠣᠯᠭᠠᠨ ᠬᠤᠪᠢᠶᠠᠵᠤ᠂ ᠬᠡᠰᠡᠭ | ᠬᠡᠰᠡᠭ ᠢᠶᠠᠷ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠲᠤᠰᠠᠭᠠᠷ ᠵᠣᠬᠢᠶᠠᠨ ᠪᠠᠶᠢᠭᠤᠯᠬᠤ ᠶᠢ ᠵᠢᠭᠠᠵᠤ ᠪᠠᠶᠢᠨ᠎ᠠ᠃ | (ᠨᠢᠭᠡ) ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠶᠢ ︽ᠬᠡᠰᠡᠭᠯᠡᠬᠦ ᠬᠡᠯᠪᠡᠷᠢ︾ ᠶᠢᠨ ᠪᠠᠷᠢᠯᠭ᠎ᠠ ᠶᠢᠨ | ᠠᠵᠢᠯ ᠳᠠᠭᠤᠰᠤᠭᠰᠠᠨ ᠢ ᠰᠢᠯᠭᠠᠨ ᠠᠪᠬᠤ ᠶᠢ ᠵᠢᠭᠠᠵᠤ ᠪᠠᠶᠢᠨ᠎ᠠ᠃ ᠪᠠᠷᠢᠯᠭ᠎ᠠ ᠪᠠᠷᠢᠭᠤᠯᠬᠤ ᠨᠢᠭᠡᠴᠡ ᠬᠠᠮᠢᠶ᠎ᠠ ᠪᠦᠬᠦᠢ | ᠲᠣᠭᠲᠠᠭᠠᠯ ᠢ ᠦᠨᠳᠦᠰᠦᠯᠡᠨ᠂ ᠶᠠᠰᠤ ᠴᠢᠨᠠᠷ ᠤᠨ ᠠᠶᠤᠯ ᠦᠭᠡᠢ ᠳᠤ ᠨᠡᠶᠢᠴᠡᠬᠦ᠂ ᠪᠡᠶ᠎ᠡ ᠪᠠᠨ ᠳᠠᠭᠠᠭᠠᠭᠰᠠᠨ ᠪᠦᠷᠢᠨ | ᠪᠦᠲᠦᠨ ᠬᠡᠷᠡᠭᠯᠡᠬᠦ ᠴᠢᠳᠠᠮᠵᠢ ᠶᠢ ᠬᠠᠩᠭᠠᠬᠤ᠂ ᠰᠢᠯᠭᠠᠨ ᠠᠪᠬᠤ ᠪᠤᠰᠤ ᠣᠷᠣᠨ ᠤ ᠪᠡᠶ᠎ᠡ ᠪᠠᠨ ᠳᠠᠭᠠᠭᠠᠵᠤ ᠪᠠᠷᠢᠯᠭ᠎ᠠ | ᠪᠠᠷᠢᠬᠤ ᠶᠢ ᠨᠥᠯᠥᠭᠡᠯᠡᠬᠦ ᠦᠭᠡᠢ ᠨᠥᠬᠦᠴᠡᠯ ᠤᠨ ᠳᠣᠣᠷ᠎ᠠ᠂ ᠬᠡᠰᠡᠭ ᠬᠤᠪᠢᠶᠠᠨ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠬᠤ ᠪᠠᠷ ᠮᠡᠳᠡᠭᠦᠯᠵᠦ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠴᠠᠭ ᠲᠤᠬᠠᠢ ᠳᠤᠨᠢ | ᠭᠦᠢᠴᠡᠳᠬᠡᠬᠦ ᠬᠡᠷᠡᠭᠲᠡᠢ᠃ ᠰᠢᠨ ᠲᠠᠢ ᠶᠦᠦᠠᠨ ᠤ ᠲᠦᠷᠦᠯ ᠵᠦᠢᠯ ᠪᠣᠯ ᠰᠢᠯᠢ ᠶᠢᠨ ᠬᠤᠲᠠ ᠶᠢᠨ ᠠᠩᠬᠠᠳᠠᠭᠴᠢ | ︽ᠬᠡᠰᠡᠭᠯᠡᠬᠦ ᠬᠡᠯᠪᠡᠷᠢ︾ ᠶᠢᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠶᠢ ᠬᠡᠷᠡᠭᠵᠢᠭᠦᠯᠦᠭᠰᠡᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠪᠣᠯᠣᠨ᠎ᠠ᠂ ᠤᠷᠢᠳᠴᠢᠯᠠᠨ ᠣᠷᠣᠯᠴᠠᠬᠤ ᠪᠠᠷ ᠳᠠᠮᠵᠢᠭᠤᠯᠵᠤ᠂ ᠰᠢᠯᠭᠠᠨ ᠠᠪᠬᠤ | ᠶᠠᠪᠤᠴᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠲᠤᠰᠢᠶᠠᠨ ᠥᠭᠬᠦ ᠴᠠᠭ ᠢ ᠬᠠᠮᠤᠭ ᠤᠨ ᠶᠡᠭᠡ ᠬᠡᠮᠵᠢᠶ᠎ᠡ ᠪᠠᠷ | ᠪᠣᠭᠤᠨᠢᠰᠬᠠᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠡᠨᠡ ᠵᠢᠯ ᠠᠴᠠ ᠣᠳᠣ ᠪᠣᠯᠲᠠᠯ᠎ᠠ᠂ ᠰᠢᠯᠢ ᠶᠢᠨ ᠬᠤᠲᠠ ᠶᠢᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠰᠢᠨ ᠲᠠᠢ ᠶᠤᠸᠠᠨ ᠤ ᠲᠥᠷᠥᠯ ᠵᠦᠢᠯ᠂ ᠬᠤᠸᠠ ᠶᠦᠨ ᠶᠠ ᠶᠤᠸᠠᠨ ᠲᠥᠷᠥᠯ | ᠵᠦᠢᠯ᠂ ᠵᠢᠩ ᠶᠤᠸᠠᠢ ᠹᠦ᠋ ᠶᠢᠨ ᠲᠥᠷᠥᠯ ᠵᠦᠢᠯ᠂ ᠢ ᠾᠧ ᠵᠢᠶᠠ ᠶᠤᠸᠠᠨ ᠲᠥᠷᠥᠯ ᠵᠦᠢᠯ ᠵᠡᠷᠭᠡ 4 ᠲᠥᠷᠥᠯ | ᠵᠦᠢᠯ ᠳᠤ ︽ᠬᠡᠰᠡᠭ ᠬᠤᠪᠢᠶᠠᠬᠤ ᠬᠡᠯᠪᠡᠷᠢ︾ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ | ᠠᠵᠢᠯ ᠢ ᠭᠦᠢᠴᠡᠳᠬᠡᠪᠡ᠃ ᠰᠢᠯᠢ ᠶᠢᠨ ᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ︽ᠬᠡᠰᠡᠭ ᠬᠤᠪᠢᠶᠠᠭᠰᠠᠨ ᠬᠡᠯᠪᠡᠷᠢ︾ ᠶᠢᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠠᠵᠢᠯ | ᠵᠥᠪ ᠵᠠᠮ ᠳᠠᠭᠠᠨ ᠣᠷᠣᠭᠰᠠᠨ ᠢ ᠬᠠᠷᠠᠭᠤᠯᠵᠤ ᠪᠠᠶᠢᠨ᠎ᠠ᠂ ᠮᠠᠨ ᠤ ᠲᠣᠪᠴᠢᠶ᠎ᠠ ᠬᠢᠨᠠᠨ ᠬᠠᠮᠢᠶᠠᠷᠬᠤ | ᠦᠢᠯᠡᠳᠦᠯᠴᠡᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠤᠷᠢᠳᠠᠪᠠᠷ | ᠦᠢᠯᠡᠴᠢᠯᠡᠨ᠂ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ | ᠬᠤᠷᠳᠤᠴᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠵᠤ ᠡᠵᠡᠩᠨᠡᠬᠦ | ᠥᠪᠡᠷ ᠤᠨ ᠥᠷᠲᠡᠭ ᠢ ᠪᠠᠭᠤᠷᠠᠭᠤᠯᠬᠤ ᠳᠤ ᠬᠦᠴᠦ ᠨᠡᠮᠡᠷᠢᠯᠡᠨ᠎ᠡ᠃ | |