ᠰᠢᠯᠢ ᠶᠢᠨ ᠬᠤᠲᠠ ᠶᠢᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠲᠤ ᠣᠷᠣᠬᠤ ᠳᠤ᠂ ᠲᠣᠮᠣ ᠳᠡᠯᠭᠡᠴᠡᠨ ᠳᠤ | 2025 ᠣᠨ ᠤ ᠲᠠᠪᠤᠳᠠᠭᠢ ᠪᠦᠯᠦᠭ ᠤᠨ︽ᠠᠵᠢᠯ ᠬᠢᠬᠦ ᠬᠥᠮᠥᠨ ᠪᠠᠶᠢᠬᠤ ᠦᠭᠡᠢ︾ᠡᠳᠦᠷ ᠤᠨ ᠬᠦᠴᠦᠨ ᠤ | ᠠᠵᠢᠯᠴᠢᠨ ᠤ ᠠᠵᠢᠯ ᠡᠷᠢᠬᠦ ᠮᠡᠳᠡᠭᠡ ᠵᠠᠩᠭᠢ ᠶᠢᠨ ᠨᠠᠷᠢᠨ ᠳᠠᠩᠰᠠ ᠶᠢ ᠨᠠᠪᠲᠠᠷᠡᠭᠦᠯᠵᠦ᠂ ᠭᠡᠷ ᠤᠨ ᠶᠠᠪᠤᠳᠠᠯ᠂ ᠡᠳ᠋ | ᠪᠠᠷᠠᠭᠠᠨ ᠤ ᠭᠦᠢᠯᠭᠡᠭᠡ᠂ ᠢᠳᠡᠭᠡᠨ ᠤᠮᠳᠠᠭᠠᠨ᠂ ᠰᠢᠨ᠎ᠡ ᠵᠠᠭᠤᠴᠢᠯᠠᠭᠤᠷ ᠤᠨ ᠡᠵᠡᠩᠨᠡᠯᠲᠡ ᠵᠡᠷᠭᠡ ᠠᠵᠢᠯ ᠤᠨ ᠪᠠᠶᠢᠷᠢ ᠶᠢ | ᠬᠠᠮᠤᠷᠴᠠᠢ᠃ ᠰᠢᠯᠢ ᠶᠢᠨ ᠬᠤᠲᠠ ᠶᠢᠨ ᠰᠠᠭᠤᠭᠠᠯᠢ ᠠᠷᠠᠳ ᠢᠦᠢ ᠷᠦᠩ ᠡᠳᠦᠷ ᠤᠨ ᠬᠦᠴᠦᠨ ᠤ ᠵᠠᠬ᠎ᠠ | ᠳᠡᠯᠭᠡᠭᠦᠷ ᠲᠤ ᠬᠤᠪᠢ ᠬᠥᠮᠥᠨ ᠤ ᠠᠵᠢᠯ ᠡᠷᠢᠬᠦ ᠮᠡᠳᠡᠭᠡ ᠵᠠᠩᠭᠢ ᠪᠠᠨ ᠪᠦᠷᠢᠳᠬᠡᠭᠦᠯᠵᠦ᠂ ᠤᠳᠠᠯ ᠦᠭᠡᠢ ᠠᠵᠢᠯᠲᠠᠨ | ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠲᠡᠳᠡᠨ ᠳᠤ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠢᠦᠢ | ᠷᠦᠩ᠄ ︽ᠮᠢᠨᠤ ᠠᠵᠢᠯ ᠡᠷᠢᠬᠦ ᠰᠠᠨᠠᠭ᠎ᠠ ᠶᠢ ᠮᠡᠳᠡᠭᠰᠡᠨ ᠤ ᠳᠠᠷᠠᠭ᠎ᠠ᠂ ᠠᠵᠢᠯᠲᠠᠨ ᠪᠠᠰᠠ ᠨᠠᠳᠠ ᠳᠤ ᠰᠦᠢᠳᠬᠡᠯ | ᠬᠤᠷᠢᠶᠠᠬᠤ ᠦᠭᠡᠢ ᠪᠠᠷ ᠭᠠᠷ ᠤᠷᠠᠯᠠᠯ ᠤᠨ ᠪᠣᠯᠪᠠᠰᠤᠷᠠᠯ ᠬᠢᠵᠦ᠂ ᠰᠣᠷᠣᠭᠰᠠᠨ ᠤ ᠪᠠᠨ ᠳᠠᠷᠠᠭ᠎ᠠ ᠭᠡᠷ ᠲᠡᠭᠡᠨ ᠭᠠᠷ | ᠤᠷᠠᠯᠠᠯ ᠤᠨ ᠠᠵᠢᠯ ᠬᠢᠵᠦ ᠪᠣᠯᠬᠤ ᠮᠥᠷᠲᠡᠭᠡᠨ ᠪᠠᠰᠠ ᠬᠤᠳᠠᠯᠳᠤᠨ ᠠᠪᠬᠤ ᠬᠥᠮᠥᠨ ᠪᠠᠶᠢᠨ᠎ᠠ ᠭᠡᠵᠦ ᠬᠡᠯᠡᠵᠦ | ᠥᠭᠴᠡᠢ᠂ ᠡᠨᠡ ᠨᠢ ᠦᠨᠡᠬᠡᠷ ᠮᠢᠨᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠴᠡᠢ᠂ ᠦᠢᠯᠡᠴᠢᠯᠡᠭᠡ ᠮᠠᠰᠢ | ᠪᠦᠷᠢᠨ ᠭᠦᠢᠴᠡᠳ ᠪᠣᠯᠵᠠᠢ︕︾ ᠭᠡᠵᠦ ᠬᠡᠯᠡᠪᠡ᠃ | ᠰᠢᠯᠢ ᠶᠢᠨ ᠬᠤᠲᠠ ᠶᠢᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠠᠰᠢᠭᠯᠠᠯᠲᠠ ᠳᠤ | ᠣᠷᠣᠭᠤᠯᠤᠭᠰᠠᠨ ᠠᠴᠠ ᠨᠠᠰᠢ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠦᠢᠯᠡᠴᠢᠯᠡᠭᠡᠨ ᠤ ᠠᠷᠭ᠎ᠠ ᠪᠠᠷᠢᠯ᠂ | ᠦᠢᠯᠡᠴᠢᠯᠡᠭᠡᠨ ᠤ ᠬᠢᠷᠢ ᠲᠦᠪᠰᠢᠨ ᠵᠢᠴᠢ ᠦᠢᠯᠡᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠪᠠᠷ ᠦᠷᠭᠦᠯᠵᠢᠯᠡᠨ | ᠳᠡᠭᠡᠭᠰᠢᠯᠡᠨ᠂ ᠡᠳᠦᠷ ᠤᠨ ᠬᠦᠴᠦᠨ ᠤ ᠠᠵᠢᠯ ᠡᠷᠢᠭᠰᠡᠳ ᠪᠠ ᠠᠵᠢᠯᠴᠢᠨ ᠬᠡᠷᠡᠭᠯᠡᠬᠦ ᠭᠤᠣᠯ ᠴᠣᠭᠴᠠ ᠳᠤ ᠴᠥᠮ | ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡᠨ ᠤ ᠣᠶᠢᠯᠠᠭᠠᠯᠲᠠ ᠣᠯᠭᠤᠭᠰᠠᠨ ᠪᠠᠶᠢᠨ᠎ᠠ᠃ ᠡᠳᠦᠷ ᠤᠨ | ᠬᠦᠴᠦᠨ ᠤ ᠠᠵᠢᠯ ᠡᠷᠢᠭᠰᠡᠳ ᠪᠠ ᠠᠵᠢᠯᠴᠢᠨ ᠬᠡᠷᠡᠭᠯᠡᠬᠦ ᠪᠡᠶᠡᠴᠢ ᠴᠣᠭᠴᠠ ᠶᠢᠨ ᠬᠤᠭᠤᠷᠣᠨᠳᠣᠬᠢ ᠵᠣᠬᠢᠴᠠᠭᠤᠯᠬᠤ | ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠬᠦ ᠶᠢᠨ ᠲᠥᠯᠥᠭᠡ᠂ ᠰᠢᠯᠢᠩᠬᠤᠲᠠ ᠶᠢᠨ ᠬᠢᠨ ︽ᠠᠵᠢᠯᠯᠠᠬᠤ ᠬᠥᠮᠥᠨ | ᠦᠭᠡᠢ︾ ᠡᠳᠦᠷ ᠤᠨ ᠬᠦᠴᠦᠨ ᠤ ᠠᠵᠢᠯ ᠤᠨ ᠮᠡᠳᠡᠭᠡ ᠵᠠᠩᠭᠢ ᠶᠢ ᠳᠡᠯᠭᠡᠷᠡᠭᠦᠯᠬᠦ ᠲᠣᠭᠲᠠᠴᠠ ᠶᠢ ᠰᠢᠨ᠎ᠡ ᠪᠠᠷ | ᠡᠭᠦᠳᠦᠨ ᠭᠠᠷᠭᠠᠵᠤ᠂ ᠠᠵᠢᠯᠴᠢᠨ ᠬᠡᠷᠡᠭᠯᠡᠬᠦ ᠪᠠ ᠠᠵᠢᠯ ᠣᠯᠭᠤᠬᠤ ᠳᠤ ︽ᠬᠤᠶᠠᠷ ᠲᠠᠯ᠎ᠠ ᠪᠠᠷ ᠢᠶᠠᠨ ᠬᠦᠴᠢᠷᠲᠡᠢ︾ | ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ ᠣᠲᠣ ᠪᠣᠯᠲᠠᠯ᠎ᠠ᠂ ᠨᠢᠭᠡᠨᠲᠡ ᠲᠠᠪᠤᠨ ᠪᠦᠯᠦᠭ ︽ᠠᠵᠢᠯ ᠬᠢᠬᠦ ᠬᠥᠮᠥᠨ | ᠦᠭᠡᠢ︾ ᠡᠳᠦᠷ ᠤᠨ ᠬᠦᠴᠦᠨ ᠤ ᠠᠵᠢᠯᠲᠠᠨ ᠤ ᠨᠠᠷᠢᠨ ᠲᠠᠩᠰᠠ ᠶᠢ ᠨᠡᠶᠢᠲᠡᠯᠡᠵᠦ᠂ ᠠᠵᠢᠯ ᠤᠨ ᠪᠠᠶᠢᠷᠢ ᠪᠣᠯᠣᠨ | ᠠᠵᠢᠯ ᠡᠷᠢᠭᠰᠡᠳ ᠤᠨ ︽ᠬᠤᠣᠰ ᠴᠢᠭᠯᠡᠯ ᠢᠶᠠᠷ ᠠᠵᠢᠯᠯᠠᠬᠤ︾ ᠶᠢ ᠪᠡᠶᠡᠯᠡᠭᠦᠯᠪᠡ᠃ | ᠰᠢᠯᠢ ᠶᠢᠨ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠦ᠋ ᠸᠧᠢ ᠬᠡᠯᠡᠭᠰᠡᠨ ᠨᠢ | ᠄ ︽ᠨᠠᠷᠢᠨ ᠳᠠᠩᠰᠠ ᠳᠡᠭᠡᠷᠡᠬᠢ ᠪᠤᠶ ᠪᠦᠬᠦᠢ ᠠᠵᠢᠯ ᠡᠷᠢᠭᠰᠡᠳ ᠤᠨ ᠮᠡᠳᠡᠭᠡ ᠵᠠᠩᠭᠢ ᠶᠢ ᠴᠥᠮ ᠰᠢᠯᠢᠩᠬᠤᠲᠠ ᠶᠢᠨ | ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠠᠩᠬ᠎ᠠ ᠠᠯᠬᠤᠮ ᠤᠨ ᠬᠢᠨᠠᠨ ᠬᠠᠷᠭᠤᠭᠤᠯᠤᠯᠲᠠ ᠶᠢ ᠥᠩᠭᠡᠷᠡᠭᠡᠵᠦ᠂ | ᠲᠡᠭᠦᠨ ᠤ ᠦᠨᠡᠨ ᠪᠣᠳᠠᠲᠤ ᠴᠢᠨᠠᠷ ᠪᠣᠯᠣᠨ ᠪᠦᠲᠦᠮᠵᠢᠲᠦ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠂ ᠡᠳᠦᠷ ᠤᠨ | ᠬᠦᠴᠦᠨ ᠤ ᠵᠠᠬ᠎ᠠ ᠳᠡᠯᠭᠡᠭᠦᠷ ᠨᠢ ᠠᠵᠢᠯ ᠤᠨ ᠪᠠᠶᠢᠷᠢ ᠶᠢᠨ ᠢᠵᠢ ᠪᠦᠷᠢᠳᠦᠭᠦᠯᠬᠦ ᠦᠢᠯᠡᠴᠢᠯᠡᠭᠡ ᠬᠠᠩᠭᠠᠬᠤ ᠪᠠᠷ | ᠪᠠᠷᠠᠬᠤ ᠦᠭᠡᠢ ᠪᠠᠰᠠ ᠰᠦᠢᠳᠬᠡᠯ ᠬᠤᠷᠢᠶᠠᠬᠤ ᠦᠭᠡᠢ ᠪᠠᠷ ᠤᠷ᠎ᠠ ᠴᠢᠳᠠᠪᠤᠷᠢ ᠶᠢᠨ ᠪᠣᠯᠪᠠᠰᠤᠷᠠᠯ ᠬᠢᠵᠦ᠂ | ᠡᠳᠦᠷ ᠤᠨ ᠬᠦᠴᠦᠨ ᠤ ᠬᠥᠮᠥᠰ ᠤᠨ ᠭᠡᠷ ᠪᠦᠯᠢ ᠳᠤ ᠠᠵᠢᠯ ᠣᠯᠬᠤ ᠶᠢ ᠬᠠᠪᠰᠤᠷᠤᠨ᠎ᠠ︾ ᠭᠡᠵᠡᠢ᠃ | ︽ᠠᠵᠢᠯ ᠬᠢᠬᠦ ᠬᠥᠮᠥᠨ ᠦᠭᠡᠢ︾ ᠡᠳᠦᠷ ᠤᠨ ᠬᠦᠴᠦᠨ ᠤ ᠠᠵᠢᠯᠲᠠᠨ ᠤ ᠨᠠᠷᠢᠨ ᠲᠠᠩᠰᠠ ᠨᠢ ︽ᠬᠥᠮᠥᠨ | ᠭᠡᠷ ᠲᠤᠨᠢ ᠬᠦᠷᠴᠦ ᠢᠷᠡᠬᠦ︾ ᠠᠴᠠ ︽ᠠᠵᠢᠯ ᠤᠨ ᠪᠠᠶᠢᠷᠢ ᠳᠤᠨᠢ ᠬᠦᠷᠭᠡᠬᠦ︾ ᠬᠦᠷᠲᠡᠯ᠎ᠡ᠂ ᠰᠢᠯᠢᠩᠬᠤᠲᠠ ᠶᠢᠨ | ᠬᠢᠨ ᠲᠣᠭᠠᠴᠢᠯᠠᠭᠰᠠᠨ ᠠᠷᠭ᠎ᠠ ᠪᠠᠷᠢᠯ ᠢᠶᠠᠷ ᠠᠵᠢᠯ ᠣᠯᠭᠤᠯᠲᠠ ᠶᠢᠨ ᠦᠢᠯᠡᠴᠢᠯᠡᠭᠡᠨ ᠤ ︽ᠡᠴᠦᠰ ᠤᠨ ᠨᠢᠭᠡ | ᠺᠢᠯᠣᠮᠧᠲᠷ︾ ᠢ ᠨᠠᠪᠲᠠᠷᠡᠭᠦᠯᠵᠦ᠂ ᠠᠵᠢᠯᠴᠢᠨ ᠬᠡᠷᠡᠭᠯᠡᠬᠦ ᠭᠤᠣᠯ ᠴᠣᠭᠴᠠ ᠶᠢᠨ ᠬᠦᠴᠢᠷᠳᠡᠯ ᠢ ᠨᠢ ᠨᠠᠮᠳᠠᠭᠤᠯᠵᠤ | ᠳᠠᠷᠤᠭᠠᠰᠤ ᠶᠢ ᠨᠢ ᠬᠥᠩᠭᠡᠷᠡᠭᠦᠯᠬᠦ ᠪᠠᠷ ᠪᠠᠷᠠᠬᠤ ᠦᠭᠡᠢ ᠪᠠᠰᠠ ᠡᠳᠦᠷ ᠤᠨ ᠬᠦᠴᠦᠨ ᠤ ᠬᠠᠮᠲᠤᠯᠢᠭ ᠤᠨ ᠠᠵᠢᠯ | ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ ᠥᠭᠭᠦᠭᠰᠡᠨ ᠪᠠᠶᠢᠨ᠎ᠠ᠃ ᠡᠳᠦᠷ ᠤᠨ ᠬᠦᠴᠦᠨ ᠤ ᠠᠵᠢᠯ | ᠡᠷᠢᠭᠰᠡᠳ ᠲᠤ ᠨᠠᠩ ᠲᠥᠬᠦᠮ᠂ ᠣᠯᠠᠨ ᠡᠰᠢᠲᠦ᠂ ᠰᠡᠳᠬᠢᠯ ᠳᠤᠯᠠᠭᠠᠬᠠᠨ ᠠᠵᠢᠯ ᠣᠯᠭᠤᠯᠲᠠ ᠶᠢᠨ ᠦᠢᠯᠡᠴᠢᠯᠡᠭᠡ | ᠬᠠᠩᠭᠠᠬᠤ ᠶᠢᠨ ᠲᠥᠯᠥᠭᠡ᠂ᠰᠢᠯᠢ ᠶᠢᠨ ᠬᠤᠲᠠ ᠶᠢᠨ ᠬᠢᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠲᠠᠪᠴᠠᠩ ᠤᠨ ᠳᠠᠪᠠᠭᠤᠯᠢᠭ ᠢᠶᠠᠨ | ᠲᠠᠰᠤᠷᠠᠯᠲᠠ ᠦᠭᠡᠢ ᠪᠠᠳᠠᠷᠠᠭᠤᠯᠵᠤ᠂ ᠡᠳᠦᠷ ᠤᠨ ᠬᠦᠴᠦᠨ ᠤ ᠡᠩ ᠤᠨ ᠦᠨ᠎ᠡ ᠶᠢᠨ ᠬᠤᠭᠤᠯᠠᠨ ᠭᠡᠷ᠂ ᠰᠢᠭᠤᠳ | ᠨᠡᠪᠲᠡᠷᠡᠭᠦᠯᠭᠡ ᠶᠢᠨ ᠠᠵᠢᠯ ᠤᠨ ᠪᠠᠶᠢᠷᠢ ᠳᠠᠭᠠᠭᠤᠯᠬᠤ᠂ ᠡᠳᠦᠷ ᠤᠨ ᠬᠦᠴᠦᠨ ᠤ ᠳᠠᠭᠠᠳᠬᠠᠯ ᠵᠡᠷᠭᠡ ᠢᠵᠢ | ᠪᠦᠷᠢᠳᠦᠭᠰᠡᠨ ᠦᠢᠯᠡᠴᠢᠯᠡᠭᠡ ᠶᠢ ᠵᠠᠯᠭᠠᠭ᠎ᠠ ᠪᠠᠷ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠥᠷᠭᠡᠴᠡ ᠪᠠ ᠭᠦᠨᠴᠡ ᠶᠢ ᠤᠯᠠᠮ ᠨᠢᠭᠡ ᠠᠯᠬᠤᠮ | ᠥᠷᠭᠡᠳᠬᠡᠨ᠂ ᠠᠷᠠᠳ ᠢᠷᠭᠡᠳ ᠤᠨ ᠠᠵᠢᠯ ᠣᠯᠭᠤᠯᠲᠠ ᠶᠢᠨ ᠵᠠᠮ ᠢ ᠰᠠᠭᠠᠳ ᠦᠭᠡᠢ ᠨᠡᠪᠲᠡᠷᠡᠭᠦᠯᠪᠡ᠃ | ᠳᠠᠷᠠᠭᠠᠴᠢ ᠶᠢᠨ ᠠᠯᠬᠤᠮ ᠳᠤ᠂ ᠰᠢᠯᠢ ᠶᠢᠨ ᠬᠤᠲᠠ ᠶᠢᠨ ᠬᠢᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ | ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠳᠦᠷ ᠤᠨ ᠬᠦᠴᠦᠨ ᠤ ᠠᠵᠢᠯ | ᠡᠷᠢᠭᠰᠡᠳ ᠲᠤ ᠨᠡᠩ ᠪᠦᠬᠦ ᠲᠠᠯ᠎ᠠ ᠶᠢᠨ᠂ ᠳᠥᠭᠦᠮ ᠳᠥᠲᠡ᠂ ᠳᠣᠲᠣᠨᠣ ᠦᠢᠯᠡᠴᠢᠯᠡᠭᠡ ᠬᠠᠩᠭᠠᠨ᠎ᠠ᠃ ᠡᠭᠦᠨ ᠤ | ᠵᠡᠷᠭᠡ ᠳᠤ᠂ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠨᠠᠩ ᠣᠯᠠᠨ | ᠨᠡᠶᠢᠭᠡᠮ ᠤᠨ ᠡᠬᠢ ᠪᠠᠶᠠᠯᠢᠭ ᠪᠠ ᠬᠦᠴᠦᠨ ᠴᠢᠳᠠᠯ ᠢ ᠣᠷᠣᠭᠤᠯᠤᠨ ᠠᠪᠴᠢᠷᠠᠵᠤ᠂ ᠡᠳᠦᠷ ᠤᠨ ᠬᠦᠴᠦᠨ ᠤ ᠠᠵᠢᠯ | ᠡᠷᠢᠭᠰᠡᠳ ᠤᠨ ᠵᠣᠯ ᠵᠢᠷᠭᠠᠯ ᠤᠨ ᠲᠥᠷᠥᠭᠳᠡᠯ ᠢ ᠨᠠᠩ ᠦᠷᠭᠦᠯᠵᠢᠯᠡᠭᠦᠯᠵᠦ᠂ ᠬᠦᠷᠲᠡᠮᠵᠢ ᠶᠢᠨ ᠲᠥᠷᠥᠭᠳᠡᠯ ᠢ ᠨᠠᠩ | ᠪᠠᠲᠤᠯᠠᠭ᠎ᠠ ᠲᠠᠢ ᠪᠣᠯᠭᠠᠨ᠎ᠠ᠃ | | |