1 ᠰᠠᠷ᠎ᠠ ᠶᠢᠨ 16 ᠤ ᠡᠳᠦᠷ᠂ ᠰᠢᠯᠢᠩᠬᠤᠲᠠ ᠶᠢᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠵᠤ᠂ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠪᠠ ᠡᠨᠡ ᠡᠪᠦᠯ ᠢᠷᠡᠬᠦ ᠬᠠᠪᠤᠷ ᠤᠨ ᠠᠶᠤᠯᠭᠦᠢ | ᠦᠢᠯᠡᠳᠪᠦᠷᠢᠯᠡᠯ ᠤᠨ ᠠᠵᠢᠯ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠲᠣᠬᠢᠷᠠᠭᠤᠯᠬᠤ ᠵᠡᠷᠭᠡ ᠶᠠᠪᠤᠳᠠᠯ ᠢ ᠰᠤᠳᠤᠯᠤᠨ ᠪᠠᠶᠢᠷᠢᠯᠠᠭᠤᠯᠵᠠᠢ᠃ ᠲᠣᠪᠴᠢᠶ᠎ᠠ ᠶᠢᠨ ᠤᠳᠤᠷᠢᠳᠬᠤ | ᠪᠠᠭ ᠤᠨ ᠪᠦᠷᠢᠯᠳᠦᠭᠦᠨ᠂ ᠡᠯ᠎ᠡ ᠬᠤᠶᠠᠳᠤᠭᠠᠷ ᠳᠡᠰ ᠤᠨ ᠨᠢᠭᠡᠴᠡ ᠵᠢᠴᠢ ᠬᠤᠪᠢ ᠣᠷᠣᠭᠤᠯᠤᠭᠰᠠᠨ ᠲᠠᠰᠤᠭ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠰᠤᠷᠤᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠭᠤᠯᠤᠮᠵᠢ ᠶᠢᠨ ᠵᠠᠬᠢᠳᠠᠯ︾ ᠬᠤᠳᠠ ᠶᠢᠨ ᠠᠶᠤᠯᠭᠦᠢ ᠶᠢᠨ | ᠵᠥᠪᠯᠡᠯ ᠤᠨ ᠠᠯᠪᠠᠨ ᠭᠡᠷ︾ ᠡᠨᠡ ᠡᠪᠦᠯ ᠢᠷᠡᠬᠦ ᠬᠠᠪᠤᠷ ᠤᠨ ᠠᠶᠤᠯᠭᠦᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠢ | ᠭᠠᠮᠰᠢᠭ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ | ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠰᠢᠯᠢᠩᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠠᠴᠠ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠳᠤ ᠲᠣᠮᠢᠯᠠᠨ ᠰᠠᠭᠤᠯᠭᠠᠪᠠ︾ | ᠭᠡᠵᠡᠢ᠃ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠠᠵᠢᠯ ᠢ | ᠴᠢᠩᠭᠠᠳᠬᠠᠬᠤ ᠲᠤᠬᠠᠢ ᠰᠠᠨᠠᠭᠤᠯᠭ᠎ᠠ ᠶᠢᠨ ᠵᠠᠬᠢᠳᠠᠯ︾ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ ᠤᠨ ︽ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ | ᠠᠵᠢᠯ ᠢ ᠴᠢᠩᠭᠠᠳᠬᠠᠬᠤ ᠲᠤᠬᠠᠢ ᠰᠠᠨᠠᠭᠤᠯᠭ᠎ᠠ ᠶᠢᠨ ᠵᠠᠬᠢᠳᠠᠯ︾ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ | ᠠᠳᠡᠯ ᠤᠨ ᠳᠠᠯᠳᠠ ᠬᠡᠮ ᠢ ᠳᠣᠲᠣᠭᠠᠳᠤ ᠳᠠᠭᠠᠨ ᠮᠡᠳᠡᠭᠦᠯᠵᠦ ᠱᠠᠩᠨᠠᠬᠤ ᠲᠣᠭᠲᠠᠴᠠ ᠶᠢ ᠬᠡᠷᠡᠭᠵᠢᠭᠦᠯᠬᠦ ᠠᠵᠢᠯ ᠢ | ᠰᠠᠶᠢᠲᠤᠷ ᠬᠢᠬᠦ ᠲᠤᠬᠠᠢ ᠮᠡᠳᠡᠭᠳᠡᠯ︾ ᠬᠤᠲᠠ ᠶᠢᠨ ᠭᠠᠯ ᠰᠡᠷᠭᠡᠶᠢᠯᠡᠬᠦ ᠵᠥᠪᠯᠡᠯ ᠤᠨ ᠠᠯᠪᠠᠨ ᠭᠡᠷ ᠤᠨ ︽ᠪᠥᠬᠦ | ᠬᠤᠲᠠ ᠶᠢᠨ ᠡᠪᠦᠯ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ | ᠰᠠᠨᠠᠭᠤᠯᠭ᠎ᠠ ᠶᠢᠨ ᠵᠠᠬᠢᠳᠠᠯ︾ ᠵᠡᠷᠭᠡ ᠪᠢᠴᠢᠭ ᠮᠠᠲ᠋ᠧᠷᠢᠶᠠᠯ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ | ᠪᠠᠶᠢᠨ᠎ᠠ᠂ ᠡᠯ᠎ᠡ ᠰᠠᠯᠠᠭ᠎ᠠ ᠮᠥᠴᠢᠷ ᠵᠢᠴᠢ ᠬᠤᠶᠠᠳᠤᠭᠠᠷ ᠳᠡᠰ ᠤᠨ ᠨᠢᠭᠡᠴᠡ ᠨᠦᠭᠦᠳ ︽ᠭᠤᠷᠪᠠ ᠶᠢ ᠬᠠᠮᠢᠶᠠᠷᠴᠤ | ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ | ᠠᠳᠬᠤᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠶᠢ | ᠱᠠᠭᠠᠷᠳᠠᠵᠤ᠂ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠤᠢ | ᠪᠣᠯᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠶᠢᠯ ᠤᠨ | ᠴᠢᠬᠤᠯᠠ ᠴᠢᠨᠠᠷ ᠪᠠ ᠴᠢᠬᠤᠯᠠ ᠴᠢᠨᠠᠷ ᠢ ᠭᠦᠢᠴᠡᠳ ᠲᠠᠨᠢᠵᠤ᠂︽ᠴᠠᠭ ᠢᠮᠠᠭᠲᠠ ᠰᠠᠨᠠᠭ᠎ᠠ ᠠᠮᠤᠷ ᠦᠭᠡᠢ︾ᠪᠠᠶᠢᠬᠤ | ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠠᠳᠬᠤᠵᠤ᠂ | ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠵᠢᠯ ᠢᠶᠠᠨ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ᠃ ᠬᠤᠶᠠᠷ ᠲᠤ᠂ | ᠡᠯ᠎ᠡ ᠲᠠᠰᠤᠭ ᠵᠢᠴᠢ ᠬᠤᠶᠠᠳᠤᠭᠠᠷ ᠳᠡᠰ ᠤᠨ ᠨᠢᠭᠡᠴᠡ ᠨᠦᠭᠦᠳ ᠡᠪᠦᠯ ᠬᠠᠪᠤᠷ ᠤᠨ ᠭᠠᠯ ᠤᠨ ᠭᠠᠮᠰᠢᠭ ᠢ | ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠠᠵᠢᠯ ᠲᠥᠷᠥᠯ ᠤᠨ ᠬᠦᠷᠢᠶᠡᠨ ᠳᠠᠬᠢ | ᠠᠵᠤ ᠠᠬᠤᠶᠢᠯᠠᠯ ᠤᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ | ᠴᠢᠩᠭᠠᠳᠬᠠᠵᠤ᠂ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠲᠣᠰᠣ ᠬᠡᠷᠡᠭᠯᠡᠬᠦ ᠬᠡᠢ ᠬᠡᠷᠡᠭᠯᠡᠬᠦ᠂ ᠭᠠᠯ ᠭᠠᠷᠤᠭᠰᠠᠨ | ᠭᠠᠵᠠᠷ ᠤᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ | ᠤᠬᠠᠭᠤᠯᠵᠤ᠂ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠠᠮᠢ ᠵᠢᠭᠤᠲᠠᠵᠤ | ᠥᠪᠡᠷ ᠢ ᠪᠠᠨ ᠠᠪᠤᠷᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠡᠯ᠎ᠡ ᠰᠲ᠋ᠣᠺ ᠤᠨ | ᠲᠠᠰᠤᠭ ᠵᠢᠴᠢ ᠬᠤᠶᠠᠳᠤᠭᠠᠷ ᠳᠡᠰ ᠤᠨ ᠨᠢᠭᠡᠴᠡ ᠨᠦᠭᠦᠳ ᠬᠤᠳᠠ ᠶᠢᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠭᠡᠷ ᠤᠨ︽ᠡᠨᠡ ᠡᠪᠦᠯ ᠢᠷᠡᠬᠦ ᠬᠠᠪᠤᠷ ᠤᠨ ᠠᠶᠤᠯᠭᠦᠢ ᠦᠢᠯᠡᠳᠪᠦᠷᠢᠯᠡᠯ ᠪᠣᠯᠣᠨ ᠪᠠᠶᠢᠭᠠᠯᠢ ᠶᠢᠨ | ᠭᠠᠮᠰᠢᠭ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ | ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠬᠦᠷᠢᠶᠡᠨ ᠤ ᠠᠵᠤ ᠠᠬᠤᠶᠢᠯᠠᠯ ᠳᠤ ᠭᠦᠨᠵᠡᠭᠡᠶᠢᠷᠡᠵᠦ᠂ | ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠣᠨᠴᠠᠯᠢᠭ ᠲᠤ ᠴᠢᠭᠯᠡᠭᠦᠯᠦᠨ᠂ | ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠴᠢᠩᠭ᠎ᠠ ᠰᠡᠷᠭᠡᠶᠢᠯᠡᠨ ᠰᠠᠬᠢᠬᠤ᠂ ᠡᠷᠲᠡ ᠠᠴᠠ ᠠᠳᠬᠤᠨ ᠪᠠᠭ᠎ᠠ ᠳᠤᠨᠢ | ᠠᠳᠬᠤᠬᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠠᠬᠢᠭᠤᠯᠵᠤ᠂ ᠡᠪᠦᠯ ᠬᠠᠪᠤᠷ ᠤᠨ ᠤᠯᠠᠷᠢᠯ ᠤᠨ | ᠪᠠᠶᠢᠭᠠᠯᠢ ᠶᠢᠨ ᠭᠠᠮᠰᠢᠭ ᠢ ᠬᠦᠴᠦᠲᠡᠢ ᠠᠷᠭᠠᠴᠠᠬᠤ ᠬᠡᠷᠡᠭᠲᠡᠢ︔ ᠬᠢᠵᠠᠭᠠᠷ ᠲᠠᠢ ᠣᠷᠣᠨ ᠵᠠᠢ᠂ ᠪᠡᠯᠡᠳᠭᠡᠮᠵᠢᠳᠤ | ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ ᠤᠨ ᠮᠠᠰᠢᠨ ᠢ ᠡᠳ᠋ᠰᠢᠭᠦᠯᠦᠨ ᠪᠣᠷᠣᠯᠠᠭᠤᠯᠬᠤ᠂ ᠥᠨᠳᠥᠷ ᠳᠡᠭᠡᠷ᠎ᠡ | ᠠᠵᠢᠯᠯᠠᠬᠤ᠂ ᠮᠠᠯ ᠤᠨ ᠡᠮ᠂ ᠢᠳᠡᠰᠢᠨ ᠨᠣᠭᠤᠭ᠎ᠠ ᠶᠢᠨ ᠬᠦᠯᠡᠮᠵᠢ ᠵᠡᠷᠭᠡ ᠠᠶᠤᠯ ᠦᠭᠡᠢ ᠦᠢᠯᠡᠳᠪᠦᠷᠢᠯᠡᠯ ᠤᠨ ᠡᠯ᠎ᠡ | ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠳᠡᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ | ᠪᠠ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠨᠢᠭᠡ ᠠᠴᠠ ᠵᠦᠢᠴᠢᠯᠡᠵᠦ ᠬᠤᠶᠠᠷ ᠢ | ᠰᠠᠶᠢᠲᠤᠷ ᠠᠳᠬᠤᠵᠤ᠂ ᠡᠯ᠎ᠡ ᠲᠥᠷᠥᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠬᠡᠷᠡᠭᠲᠡᠢ᠃ | ᠳᠥᠷᠪᠡ ᠳᠤ ᠴᠠᠭᠠᠨ ᠰᠠᠷ᠎ᠠ᠂ ᠬᠤᠶᠠᠷ ᠬᠤᠷᠠᠯ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ | ᠰᠠᠶᠢᠲᠤᠷ ᠥᠷᠨᠢᠭᠦᠯᠬᠦ ᠶᠢᠨ ᠬᠠᠮᠲᠤ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ | ᠠᠩᠬᠠᠷᠴᠤ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯᠲᠠᠨ ᠢ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠡᠯ᠎ᠡ ᠲᠥᠷᠥᠯ ᠤᠨ ᠠᠶᠤᠯ | ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠨᠠᠷᠢᠯᠢᠭ | ᠨᠠᠶᠢᠳᠠᠪᠤᠷᠢᠵᠢᠭᠤᠯᠤᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠠᠵᠢᠯ ᠢ ᠰᠠᠶᠢᠲᠤᠷ | ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ | ᠤᠯᠠᠮ ᠨᠢᠭᠡ ᠠᠯᠬᠤᠮ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠶᠤᠯ ᠦᠭᠡᠢ | ᠦᠢᠯᠡᠳᠪᠦᠷᠢᠯᠡᠯ ᠤᠨ ᠪᠠᠶᠢᠳᠠᠯ ᠤᠨ ᠥᠷᠭᠦᠯᠵᠢᠯᠠᠨ ᠲᠤᠭᠲᠠᠭᠤᠨ ᠪᠠᠶᠢᠬᠤ ᠶᠢ ᠪᠠᠲᠤᠯᠠᠨ᠎ᠠ᠃ |