ᠣᠶᠢᠷ᠎ᠠ ᠳᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠬᠤᠷᠴᠠ ᠤᠷᠢᠭᠳᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠨᠢᠭᠤᠷᠲᠠᠨ ᠶᠠᠷᠢᠯᠴᠠᠵᠤ᠂ ᠣᠳᠣᠬᠠᠨ ᠤ | ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠢᠨᠵᠢᠯᠡᠵᠦ᠂ ᠠᠵᠤ ᠠᠬᠤᠶᠢᠯᠠᠯ ᠤᠨ ᠰᠠᠨᠠᠯ | ᠰᠠᠨᠠᠭᠤᠯᠭ᠎ᠠ ᠶᠢ ᠰᠣᠨᠣᠰᠴᠤ᠂ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠰᠤᠳᠤᠯᠤᠨ ᠶᠠᠷᠢᠯᠴᠠᠵᠤ᠂ | ᠮᠠᠨ ᠤ ᠬᠤᠲᠠ ᠶᠢᠨ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠭᠥᠭᠵᠢᠯᠲᠠ ᠶᠢ ᠤᠯᠠᠮ ᠨᠢᠭᠡ ᠠᠯᠬᠤᠮ | ᠲᠥᠷᠭᠡᠳᠭᠡᠨᠠ᠃ | ᠬᠤᠷᠠᠯ ᠠᠴᠠ ᠮᠠᠨ ᠤ ᠬᠤᠳᠠ ᠶᠢᠨ 2024 ᠣᠨ ᠤ ᠪᠦᠬᠦ ᠵᠢᠯ ᠤᠨ ᠪᠠᠷᠢᠯᠭ᠎ᠠ ᠶᠢᠨ ᠦᠢᠯᠡᠰ ᠤᠨ ᠠᠵᠤ | ᠠᠬᠤᠢ ᠶᠢᠨ ᠠᠵᠢᠯᠯᠠᠭᠠᠨ ᠤ ᠪᠠᠶᠢᠳᠠᠯ ᠪᠣᠯᠣᠨ ᠡᠯ᠎ᠡ ᠪᠠᠷᠢᠯᠭ᠎ᠠ ᠶᠢᠨ ᠠᠵᠤ ᠠᠬᠤᠶᠢᠯᠠᠯ ᠤᠨ ᠦᠢᠯᠡᠳᠬᠦᠨ ᠤ | ᠦᠷᠳᠡᠭ ᠢ ᠪᠦᠷᠢᠳᠬᠡᠨ ᠬᠥᠮᠥᠷᠭᠡ ᠳᠤ ᠣᠷᠣᠭᠤᠯᠤᠭᠰᠠᠨ ᠪᠠᠶᠢᠳᠠᠯ ᠢ ᠮᠡᠳᠡᠭᠳᠡᠵᠦ᠂ ᠪᠠᠷᠢᠯᠭ᠎ᠠ ᠶᠢᠨ ᠦᠢᠯᠡᠰ ᠤᠨ | ᠦᠢᠯᠡᠳᠬᠦᠨ ᠤ ᠦᠷᠳᠡᠭ ᠤᠨ ᠠᠵᠤ ᠠᠬᠤᠢ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠵᠢᠭᠠᠵᠤ ᠭᠠᠷᠭᠠᠭᠰᠠᠨ ᠪᠥᠭᠡᠳ ᠡᠯ᠎ᠡ ᠪᠠᠷᠢᠯᠭ᠎ᠠ ᠶᠢᠨ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠢ ᠪᠦᠷᠢᠳᠬᠡᠨ | ᠬᠥᠮᠥᠷᠭᠡ ᠳᠤ ᠣᠷᠣᠭᠤᠯᠬᠤ ᠠᠵᠢᠯ ᠢ ᠴᠢᠨᠠᠭᠰᠢᠳᠠ ᠴᠢᠩᠭᠠᠳᠬᠠᠬᠤ ᠶᠢ ᠱᠠᠯᠠᠪᠳᠠᠭᠤᠯᠵᠠᠢ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠡᠯ᠎ᠡ ᠪᠠᠷᠢᠯᠭ᠎ᠠ ᠶᠢᠨ ᠠᠵᠤ ᠠᠬᠤᠶᠢᠯᠠᠯ ᠤᠳ ᠬᠤᠲᠠ ᠶᠢᠨ | ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠵᠤ᠂ ᠲᠤᠭ᠎ᠠ ᠪᠦᠷᠢᠳᠬᠡᠯ ᠤᠨ ᠰᠠᠯᠠᠭ᠎ᠠ | ᠮᠥᠴᠢᠷ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ | ᠥᠷᠲᠡᠭ ᠤᠨ ᠲᠤᠭ᠎ᠠ ᠪᠠᠷᠢᠮᠲᠠ ᠶᠢ ᠪᠦᠷᠢᠳᠬᠡᠨ ᠳᠡᠭᠡᠭᠰᠢ ᠮᠡᠳᠡᠭᠦᠯᠬᠦ ᠠᠵᠢᠯ ᠢ ᠴᠠᠭ ᠲᠤᠬᠠᠢ ᠳᠤᠨᠢ ᠥᠨᠳᠥᠷ | ᠪᠦᠲᠦᠮᠵᠢᠲᠡᠶ ᠪᠠᠷ ᠪᠡᠶᠡᠯᠡᠭᠦᠯᠵᠦ᠂ ᠣᠷᠬᠢᠭᠳᠠᠭᠤᠯᠤᠨ ᠮᠡᠳᠡᠭᠦᠯᠦᠭᠰᠡᠨ ᠪᠠᠶᠢᠳᠠᠯ ᠭᠠᠷᠬᠤ ᠶᠢ ᠲᠠᠰᠤ ᠬᠤᠷᠢᠭᠯᠠᠵᠤ᠂ | ︽ᠨᠢᠭᠡᠳᠬᠡᠬᠦ ᠶᠣᠰᠣᠲᠠᠢ ᠶᠢ ᠨᠢ ᠪᠦᠬᠦᠨ ᠢ ᠨᠢᠭᠡᠳᠬᠡᠬᠦ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠤᠶᠠᠷ ᠲᠤ | ᠠᠵᠤ ᠠᠬᠤᠶᠢᠯᠠᠯ ᠤᠳ ᠲᠣᠰ ᠪᠡᠶ᠎ᠡ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ | ᠠᠵᠤ ᠠᠬᠤᠶᠢᠯᠠᠯ ᠤᠨ ᠬᠡᠪᠴᠢᠶ᠎ᠡ ᠪᠠᠨ ᠥᠷᠭᠡᠳᠬᠡᠨ᠂ ᠬᠢᠷᠢ ᠴᠢᠳᠠᠯ ᠤᠨ ᠵᠡᠷᠭᠡ ᠳᠡᠰ ᠢᠶᠠᠨ ᠳᠡᠭᠡᠭᠰᠢᠯᠡᠭᠦᠯᠵᠦ᠂ | ᠪᠠᠷᠢᠯᠭ᠎ᠠ ᠶᠢᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠥᠷᠭᠡᠳᠬᠡᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠳᠠᠭᠠᠭᠠᠨ ᠠᠪᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠲᠣᠰ ᠭᠠᠵᠠᠷ ᠤᠨ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠬᠢᠭᠡᠳ ᠣᠷᠣᠨ ᠤ ᠳᠣᠲᠣᠷ᠎ᠠ ᠭᠠᠳᠠᠨᠠᠬᠢ ᠥᠨᠳᠥᠷ ᠬᠢᠷᠢ ᠬᠡᠮ ᠲᠠᠢ | ᠥᠨᠳᠥᠷ ᠬᠢᠷᠢ ᠲᠦᠪᠰᠢᠨ ᠲᠠᠢ ᠠᠵᠤ ᠠᠬᠤᠶᠢᠯᠠᠯ ᠤᠨ ᠬᠤᠯᠪᠣᠭᠠᠲᠤ ᠴᠣᠭᠴᠠ ᠪᠠᠶᠢᠭᠤᠯᠬᠤ ᠠᠷᠭ᠎ᠠ ᠮᠠᠶ᠋ᠢᠭ ᠢᠶᠠᠷ | ᠮᠠᠨ ᠤ ᠬᠤᠲᠠ ᠶᠢᠨ ᠲᠣᠮᠣ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠦᠯᠢᠶᠡᠨ ᠠᠪᠬᠤ ᠶᠢ | ᠢᠳᠡᠪᠬᠢᠲᠡᠢ ᠪᠠᠷ ᠵᠣᠷᠢᠭᠵᠢᠭᠤᠯᠵᠤ᠂ ᠲᠣᠰ ᠭᠠᠵᠠᠷ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠡᠵᠡᠯᠡᠬᠦ | ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠶᠠᠷᠢᠯᠴᠠᠬᠤ | ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠠᠯᠢ ᠲᠦᠷᠭᠡᠨ ᠢᠶᠠᠷ | ᠲᠦᠯᠬᠢᠨ ᠠᠬᠢᠭᠤᠯᠵᠤ᠂ ᠪᠥᠬᠦ ᠬᠤᠲᠠ ᠶᠢᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ᠂ | ᠪᠠᠷᠢᠯᠭ᠎ᠠ ᠶᠢᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ ᠭᠡᠵᠡᠢ᠃ | ᠳᠠᠷᠠᠭ᠎ᠠ ᠶᠢᠨ ᠠᠯᠬᠤᠮ ᠳᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢ ᠨᠠᠷᠢᠨ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠲᠦᠦᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠪᠣᠳᠠᠲᠤ ᠪᠠᠶᠢᠳᠠᠯ ᠳᠤ ᠰᠠᠭᠤᠷᠢᠯᠠᠨ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠬᠢᠴᠠ ᠶᠢ | ᠲᠦᠷᠭᠡᠳᠬᠡᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠳᠤ ᠨᠠᠩ ᠣᠯᠠᠨ ᠲᠥᠷᠥ ᠶᠢᠨ ᠪᠣᠳᠣᠯᠭ᠎ᠠ ᠶᠢᠨ | ᠳᠡᠮᠵᠢᠯᠭᠡ ᠬᠠᠩᠭᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠦᠴᠢᠷᠳᠡᠯ ᠢ ᠰᠢᠢᠳᠪᠦᠷᠢᠯᠡᠬᠦ ᠳᠤ | ᠬᠦᠴᠦᠨ ᠨᠡᠮᠡᠷᠢᠯᠡᠵᠦ᠂ ᠢᠲᠡᠭᠡᠯ ᠵᠣᠷᠢᠭ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠠᠵᠢᠯ ᠲᠥᠷᠥᠯ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠨᠢᠭᠡᠳᠦᠭᠡᠷ | ᠤᠯᠠᠷᠢᠯ ᠤᠨ ᠠᠵᠤ ᠠᠬᠤᠢ ᠶᠢᠨ ︽ᠰᠠᠶᠢᠨ ᠡᠬᠢᠯᠡᠯᠲᠡ ᠲᠠᠢ ᠪᠣᠯᠬᠤ︾ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ | ᠡᠷᠭᠦᠨ᠎ᠡ᠃ |