ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠶᠢᠬᠤ ᠪᠠᠷᠢᠮᠵᠢᠶ᠎ᠠ ᠪᠠᠷ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠶᠢ ᠪᠠᠷᠢᠮᠲᠠᠯᠠᠵᠤ᠂ ᠪᠥᠬᠦ ᠣᠷᠣᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠠᠶᠢᠨ ᠡᠬᠢᠯᠡᠯᠲᠡ ᠶᠢ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠷᠤᠢ | ᠲᠦᠷᠭᠡᠨ ᠬᠥᠳᠡᠯᠦᠯᠴᠡᠨ ᠲᠣᠬᠢᠷᠠᠭᠤᠯᠤᠨ ᠪᠠᠶᠢᠷᠢᠯᠠᠭᠤᠯᠪᠠ᠃ 3 ᠰᠠᠷ᠎ᠠ ᠶᠢᠨ 14 ᠤ ᠡᠳᠦᠷ ᠰᠦᠨ ᠱᠤᠤ ᠴᠧᠩ | ᠱᠦᠵᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ | ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ | ᠪᠦᠭᠦ ᠣᠷᠣᠨ ᠤ ᠰᠤᠷᠤᠯᠴᠠᠯᠭ᠎ᠠ ᠬᠥᠮᠦᠵᠢᠯ ᠤᠨ ︽ᠬᠡᠷᠡᠭᠵᠢᠭᠦᠯᠬᠦ ᠲᠥᠰᠥᠯ︾ ᠢ ᠬᠢᠨᠠᠨ ᠲᠣᠭᠲᠠᠭᠠᠵᠤ᠂ ᠰᠤᠷᠤᠯᠴᠠᠯᠭ᠎ᠠ | ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠠᠴᠠ ᠳᠡᠭᠡᠷᠡᠬᠢ ᠨᠢ ᠳᠣᠣᠷᠠᠬᠢ ᠪᠠᠨ ᠳᠠᠭᠠᠭᠤᠯᠤᠨ᠂ ᠲᠦᠷᠦᠭᠦᠯᠡᠨ | ᠥᠯᠢᠭᠡᠷ ᠳᠠᠭᠤᠷᠢᠶᠠᠯ ᠦᠵᠡᠭᠦᠯᠵᠦ᠂ ᠪᠠᠶᠢᠩᠭᠤ ᠶᠢᠨ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ ︽ᠠᠵᠢᠯ ᠤᠨ | ᠲᠥᠰᠥᠯ︾ ᠢ ᠨᠠᠷᠢᠨ ᠨᠢᠮᠪᠠᠢ ᠲᠣᠭᠲᠠᠭᠠᠵᠤ᠂ ᠲᠦᠷᠦᠭᠦᠯᠡᠨ ᠭᠦᠨᠵᠡᠭᠡᠢ ᠰᠤᠷᠤᠯᠴᠠᠵᠤ ᠰᠤᠳᠤᠯᠤᠨ ᠶᠠᠷᠢᠯᠴᠠᠬᠤ᠂ | ᠲᠦᠷᠦᠭᠦᠯᠡᠨ ᠠᠰᠠᠭᠤᠳᠠᠯ ᠢ ᠴᠢᠩᠭ᠎ᠠ ᠪᠠᠶᠢᠴᠠᠭᠠᠨ ᠳᠡᠯᠭᠡᠬᠦ᠂ ᠲᠦᠷᠦᠭᠦᠯᠡᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠴᠢᠩᠭ᠎ᠠ ᠠᠳᠬᠤᠬᠤ᠂ ᠲᠦᠷᠦᠭᠦᠯᠡᠨ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠠᠬᠢᠭᠤᠯᠬᠤ | 4 ᠲᠠᠯ᠎ᠠ ᠠᠴᠠ 12 ᠵᠦᠢᠯ ᠤᠨ ᠪᠣᠳᠠᠲᠠᠢ ᠡᠭᠦᠷᠭᠡ ᠶᠢ ᠳᠤᠷᠠᠳᠴᠤ᠂ ᠴᠠᠭ ᠤᠨ ᠠᠬᠢᠴᠠ ᠶᠣᠰᠣᠭᠠᠷ ᠠᠵᠢᠯ ᠤᠨ | ᠲᠣᠬᠢᠷᠠᠭᠤᠯᠤᠯᠲᠠ ᠶᠢᠨ ᠬᠦᠰᠦᠨᠦᠭᠲᠦ ᠶᠢ ᠪᠦᠷᠢᠯᠳᠦᠭᠦᠯᠵᠦ᠂ ᠪᠦᠭᠦ ᠣᠷᠣᠨ ᠤ ᠡᠯ᠎ᠡ ᠱᠠᠲᠤᠨ ᠳᠤ ᠵᠢᠱᠢᠶ᠎ᠡ | ᠦᠵᠡᠭᠦᠯᠦᠨ ᠳᠠᠭᠤᠷᠢᠶᠠᠯ ᠪᠣᠯᠪᠠ᠃ 3 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠠᠴᠠ ᠰᠦᠯᠵᠢᠶᠡᠨ | ᠳᠡᠭᠡᠷ᠎ᠡ ᠪᠠ ᠠᠬᠤᠢ ᠲᠠᠯᠠᠪᠠᠢ ᠶᠢ ᠤᠶᠠᠯᠳᠤᠭᠤᠯᠬᠤ ᠭᠡᠯᠪᠡᠷᠢ ᠪᠠᠷ ᠰᠤᠷᠤᠯᠴᠠᠯᠭ᠎ᠠ ᠬᠥᠮᠦᠵᠢᠯ ᠤᠨ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠥᠷᠨᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠷᠢᠭ | ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠬᠤ᠂ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠬᠦ᠂ ᠰᠡᠳᠬᠢᠮᠵᠢ ᠪᠠᠨ ᠲᠣᠳᠣᠷᠬᠠᠢ | ᠪᠤᠯᠭᠠᠬᠤ ᠶᠢ ᠬᠥᠲᠥᠯᠥᠨ ᠵᠢᠯᠣᠭᠤᠳᠪᠠ᠃ ᠣᠳᠣᠬᠠᠨ ᠪᠤᠯᠲᠠᠯ᠎ᠠ᠂ ᠪᠦᠭᠦ ᠣᠷᠣᠨ ᠤ 12 ᠠᠶᠢᠮᠠᠭ ᠬᠤᠲᠠ᠂ ᠣᠷᠣᠨ ᠤ | ᠰᠢᠭᠤᠳ ᠬᠠᠷᠢᠶ᠎ᠠ 81 ᠪᠠᠶᠢᠭᠤᠯᠭ᠎ᠠ ᠨᠢᠭᠡᠴᠢ᠂ 58 ᠶᠡᠭᠡ ᠳᠡᠭᠡᠳᠦ ᠰᠤᠷᠭᠠᠭᠤᠯᠢ᠂ ᠤᠯᠤᠰ ᠤᠨ ᠥᠮᠴᠢᠯᠡᠯ ᠤᠨ 20 | ᠠᠵᠤ ᠠᠬᠤᠶᠢᠯᠠᠯ ᠪᠣᠯᠣᠨ 8 ᠲᠦᠮᠡ ᠭᠠᠷᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠰᠤᠷᠤᠯᠴᠠᠯᠭ᠎ᠠ ᠬᠥᠮᠦᠵᠢᠯ ᠢ ᠪᠦᠭᠦᠨ ᠢ ᠡᠬᠢᠯᠡᠭᠦᠯᠪᠡ᠃ | ᠰᠤᠷᠤᠯᠴᠠᠯᠭ᠎ᠠ ᠪᠠᠷ ᠡᠭᠢᠯᠡᠯᠲᠡ ᠪᠤᠯᠭᠠᠬᠤ ᠶᠢ ᠪᠠᠷᠢᠮᠲᠠᠯᠠᠵᠤ᠂ ︽ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠰᠠᠶᠢᠲᠤᠷ ᠬᠡᠷᠡᠭᠯᠡᠵᠦ᠂ ᠲᠥᠪ ᠤᠨ | ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠰᠠᠶᠢᠲᠤᠷ | ᠰᠤᠷᠤᠯᠴᠠᠵᠤ᠂ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷᠯᠢᠭ ᠵᠡᠷᠭᠡ | ᠠᠴᠢᠶᠠᠯᠠᠪᠤᠷᠢ ᠶᠢᠨ ᠭᠠᠷᠳᠠᠴᠠ ᠳᠤ ᠲᠦᠰᠢᠭᠯᠡᠨ᠂ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠠᠭᠠᠨ | ᠠᠭᠤᠰᠤᠯᠴᠠᠭᠤᠯᠵᠤ᠂ ᠪᠠᠶᠢᠩᠭᠤᠵᠢᠭᠤᠯᠤᠨ ᠠᠳᠬᠤᠬᠤ ᠶᠢ ᠠᠬᠢᠭᠤᠯᠪᠠ᠃ 3 ᠰᠠᠷ᠎ᠠ ᠶᠢᠨ 26 ᠠᠴᠠ 27 ᠤ ᠡᠳᠦᠷ | ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ | ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠶᠢ | ᠤᠶᠠᠯᠳᠤᠭᠤᠯᠬᠤ ᠠᠷᠭ᠎ᠠ ᠭᠡᠯᠪᠡᠷᠢ ᠶᠢ ᠠᠪᠴᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠮᠤᠵᠢ ᠶᠢᠨ ᠲᠠᠰ ᠤᠨ ᠤᠳᠤᠷᠢᠳᠬᠤ ᠺᠠᠳ᠋ᠷ ᠤᠨ ᠤᠷᠢᠳ ᠢᠶᠠᠷ ᠰᠤᠷᠤᠯᠴᠠᠵᠤ ᠤᠷᠢᠳ ᠢᠶᠠᠷ | ᠬᠡᠷᠡᠭᠵᠢᠭᠦᠯᠬᠦ ᠪᠠᠷ ᠪᠦᠭᠦ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠤ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠵᠢᠱᠢᠶ᠎ᠡ ᠦᠵᠡᠭᠦᠯᠦᠨ ᠲᠠᠶᠢᠴᠢᠯᠠᠪᠠ᠃ | ᠪᠦᠭᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠡᠶᠢᠳᠡᠮ ᠳᠡᠭᠡᠨ᠂ ᠭᠤᠣᠯ ᠰᠡᠳᠦᠪ ᠲᠤ | ᠠᠩᠬᠠᠷᠤᠯ ᠢᠶᠠᠨ ᠲᠥᠪᠯᠡᠷᠡᠭᠦᠯᠬᠦ᠂ ᠲᠥᠭᠦᠮ ᠠᠪᠰᠠᠷᠬᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠰᠤᠷᠤᠯᠴᠠᠬᠤ | ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠬᠠᠮᠰᠠᠷ ᠠᠴᠠ ᠪᠠᠨ | ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠤᠶᠠᠯᠳᠤᠭᠤᠯᠵᠤ᠂ | ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ | ᠱᠠᠯᠠᠪᠳᠠᠭᠤᠯᠬᠤ︾ ᠵᠡᠷᠭᠡ ᠠᠵᠢᠯ ᠢ ᠰᠠᠶᠢᠲᠤᠷ ᠬᠢᠬᠦ ᠲᠠᠢ ᠨᠢᠭᠡᠳᠦᠯᠲᠡᠢ ᠲᠥᠯᠥᠪᠵᠢᠭᠦᠯᠵᠦ᠂ ᠨᠢᠭᠡ ᠭᠤᠣᠯ ᠰᠢᠵᠢᠮ ᠢ | ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ | ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ᠂ | ᠪᠦᠭᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠨ᠎ᠠ ᠭᠡᠵᠦ | ᠲᠤᠰᠬᠠᠵᠠᠭᠠᠪᠠ᠃ |