ᠥᠪᠥᠷ ᠮᠣᠩᠭᠤᠯ ᠤᠨ 1.13 ᠲᠦᠮᠡᠨ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠳᠠᠷᠤᠭ᠎ᠠ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2025/3/31
    ᠬᠠᠲᠤᠨ ᠭᠤᠣᠯ ᠳᠣᠯᠭᠢᠶᠠᠯᠠᠨ ᠤᠷᠤᠰᠴᠤ᠂ ᠬᠠᠪᠤᠷ ᠤᠨ ᠤᠷᠢ ᠶᠢ ᠳᠠᠭᠠᠭᠤᠯᠤᠨ ᠠᠶᠢᠰᠤᠢ᠃ ᠬᠠᠲᠤᠨ ᠭᠤᠣᠯ ᠤᠨ ᠬᠥᠪᠡᠭᠡᠨ ᠳᠠᠬᠢ ᠬᠥᠬᠡᠬᠤᠲᠠ ᠶᠢᠨ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠳ᠋ᠠ ᠶᠠᠩ ᠴᠠᠩ ᠲᠣᠰᠬᠤᠨ ᠬᠠᠪᠤᠷ ᠤᠨ ᠲᠠᠷᠢᠶᠠᠯᠠᠭ᠎ᠠ ᠶᠢᠨ ᠶᠠᠭᠠᠷᠠᠯᠲᠠᠢ ᠤᠯᠠᠷᠢᠯ ᠢ ᠤᠭᠲᠤᠯ᠎ᠠ᠃     ︽ᠡᠨᠡ ᠵᠢᠯ ᠤᠨ ︿ᠭᠠᠵᠠᠷ ᠰᠢᠷᠣᠢ ᠳᠠᠭᠠᠭᠠᠴᠢᠯᠠᠭᠰᠠᠨ ᠵᠣᠭᠤᠰ﹀ ᠶᠠᠭᠤ ᠴᠤ ᠭᠡᠰᠡᠨ ᠨᠠᠶᠢᠳᠠᠪᠤᠷᠢᠲᠠᠢ ᠪᠣᠯᠪᠠ᠂ ᠦᠨᠡᠬᠡᠷ ᠰᠠᠶᠢᠨ ᠴᠢᠮᠡᠭᠡ ᠪᠠᠶᠢᠨ᠎ᠠ ᠳ᠋ᠠ᠃︾ ︽ᠶᠦᠩ ᠱᠧᠩ ᠠ᠋᠂ ᠮᠢᠨᠤ ᠪᠡᠯᠡᠳᠬᠡᠭᠰᠡᠨ ᠵᠢᠭᠡᠯᠡᠯᠭᠡ ᠠᠪᠬᠤ ᠮᠠᠲ᠋ᠧᠷᠢᠶᠠᠯ ᠢ ᠬᠤᠷᠳᠤᠨ ᠦᠵᠡᠵᠦ ᠥᠭᠭᠦᠭᠡᠴᠢ᠂ ᠪᠣᠯᠣᠨ᠎ᠠ ᠦᠦ ᠦᠭᠡᠢ ᠦᠦ︖︾ ︽ᠮᠢᠨᠤ ᠭᠤᠶᠤᠴᠢᠯᠠᠭᠰᠠᠨ ᠵᠢᠭᠡᠯᠡᠯᠭᠡ ᠶᠢ ᠵᠥᠪᠰᠢᠶᠡᠷᠡᠭᠰᠡᠨ ᠦᠦ ᠦᠭᠡᠢ ᠦᠦ᠂ ᠶᠠᠭᠠᠬᠢᠵᠤ ᠰᠢᠯᠵᠢᠭᠦᠯᠵᠦ ᠭᠠᠷᠭᠠᠨ ᠠᠪᠬᠤ ᠪᠤᠢ︖︾ ᠁ 3 ᠳ᠋ᠤᠭᠠᠷ ᠰᠠᠷ᠎ᠠ ᠶᠢᠨ 20 ᠤ ᠥᠷᠯᠥᠭᠡ ᠡᠷᠲᠡ ᠪᠠᠷ ᠳ᠋ᠠ ᠶᠠᠩ ᠴᠠᠩ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷ ᠬᠥᠭᠵᠢᠶᠡᠨ ᠲᠠᠢ ᠪᠣᠯᠵᠤ᠂ ᠲᠣᠰᠬᠤᠨ ᠤ ᠠᠷᠠᠳ ᠹᠠᠨ ᠶᠦᠩ ᠱᠧᠩ ᠢ ᠲᠣᠭᠤᠷᠢᠭᠠᠳ ᠠᠰᠠᠭᠤᠨ ᠯᠠᠪᠯᠠᠵᠤ ᠶᠠᠷᠢᠨ ᠬᠡᠯᠡᠯᠴᠡᠵᠦ ᠪᠠᠶᠢᠯ᠎ᠠ᠃     ᠹᠠᠨ ᠶᠦᠩ ᠱᠧᠩ ᠪᠣᠯ ᠳ᠋ᠠ ᠶᠠᠩ ᠴᠠᠩ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠳᠡᠳ᠋ ᠱᠦᠵᠢ ᠪᠣᠯᠣᠨ᠎ᠠ᠂ ᠲᠡᠭᠡᠬᠦ ᠮᠥᠷᠲᠡᠭᠡᠨ ᠲᠡᠷᠡ ᠪᠠᠰᠠ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠳᠠᠷᠤᠭ᠎ᠠ︾ ᠶᠢᠨ ᠲᠤᠰᠢᠶᠠᠯ ᠲᠠᠢ ᠪᠠᠶᠢᠪᠠ᠃ ︽ᠲᠠ ᠨᠠᠷ ᠪᠢᠲᠡᠭᠡᠢ ᠶᠠᠭᠠᠷᠠ᠂ ᠨᠢᠭᠡ ᠨᠢᠭᠡ ᠪᠠᠷ ᠨᠠᠭᠠᠰᠢ ᠢᠷ᠎ᠡ! ᠤᠯᠤᠰ ᠤᠨ ᠲᠥᠷᠥ ᠶᠢᠨ ᠪᠣᠳᠣᠯᠭ᠎ᠠ ᠰᠠᠶᠢᠨ᠂ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠳᠡᠮᠵᠢᠬᠦ ᠡᠷᠴᠢᠮ ᠤᠯᠠᠮ ᠴᠢᠩᠭᠠᠷᠠᠵᠤ᠂ ᠵᠢᠭᠡᠯᠡᠯᠭᠡ ᠲᠠᠯᠪᠢᠬᠤ ᠳᠤ ᠤᠯᠠᠮ ᠳᠥᠭᠦᠮ ᠪᠣᠯᠵᠠᠢ᠃ ᠲᠠ ᠨᠠᠷ ᠦᠵᠡᠭᠡᠴᠢ᠂ ᠡᠨᠡ ᠨᠢᠭᠡ ︿ᠲᠠᠷᠢᠶᠠᠯᠠᠩ ᠢ ᠬᠥᠭᠵᠢᠭᠦᠯᠦᠨ ᠮᠠᠨᠳᠤᠭᠤᠯᠬᠤ ᠲᠦᠷᠭᠡᠨ ᠵᠢᠭᠡᠯᠡᠯᠭᠡ﹀ ᠨᠢ ᠳᠣᠣᠷ᠎ᠠ ᠪᠠᠨ ᠵᠢᠭᠡᠯᠡᠬᠦ ᠪᠠ ᠳᠣᠣᠷ᠎ᠠ ᠪᠠᠨ ᠲᠥᠯᠥᠵᠦ ᠪᠣᠯᠬᠤ ᠵᠢᠭᠡᠯᠡᠯᠭᠡ ᠶᠤᠮ᠂ ᠬᠦᠦ ᠮᠥᠩᠭᠦ ᠶᠢ ᠨᠢ ᠪᠠᠰᠠ ᠰᠠᠷ᠎ᠠ ᠪᠠᠷ ᠲᠥᠯᠥᠵᠦ ᠪᠣᠯᠣᠨ᠎ᠠ᠂ ᠲᠥᠯᠥᠵᠦ ᠳᠠᠭᠤᠰᠤᠭᠰᠠᠨ ᠤ ᠳᠠᠷᠠᠭ᠎ᠠ ᠳᠠᠬᠢᠭᠠᠳ ᠵᠢᠭᠡᠯᠡᠵᠦ ᠪᠣᠯᠣᠨ᠎ᠠ᠃︾ ᠹᠠᠨ ᠶᠦᠩ ᠱᠧᠩ ᠭᠠᠷ ᠤᠲᠠᠰᠤ ᠪᠠᠨ ᠳᠡᠯᠭᠡᠨ ᠠᠵᠢᠯᠯᠠᠭᠤᠯᠵᠤ ᠪᠠᠶᠢᠭᠠᠳ ᠲᠣᠰᠬᠤᠨ ᠤ ᠠᠷᠠᠳ ᠲᠤ ᠲᠠᠶᠢᠯᠪᠤᠷᠢᠯᠠᠵᠤ ᠪᠠᠶᠢᠯ᠎ᠠ᠃2024 ᠣᠨ ᠳᠤ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠮᠥᠩᠭᠦᠨ ᠭᠦᠢᠯᠭᠡᠭᠡᠨ ᠢᠶᠠᠷ ᠳᠡᠮᠵᠢᠬᠦ ᠠᠵᠢᠯ ᠤᠨ ᠲᠣᠭᠤᠷᠢᠨ ᠳᠤ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠥᠬᠡᠬᠤᠲᠠ ᠬᠤᠪᠢᠶᠠᠷᠢ ᠪᠠᠩᠬᠢ ᠶᠢᠨ ᠲᠣᠭᠲᠠᠬᠤ ᠰᠠᠯᠪᠤᠷᠢ ᠪᠠᠩᠬᠢ ᠯᠤᠭ᠎ᠠ ᠬᠤᠯᠪᠤᠭᠠᠯᠠᠨ ︽ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ︾ ᠠᠵᠢᠯᠯᠠᠭ᠎ᠠ ᠶᠢ ᠥᠷᠨᠢᠭᠦᠯᠵᠦ᠂ ︽ᠪᠥᠬᠦ ᠰᠢᠶᠠᠨ ᠢ ᠬᠠᠮᠤᠷᠴᠤ ᠲᠣᠰᠬᠤᠨ ᠪᠣᠯᠭᠠᠨ ᠳᠤ ᠲᠣᠬᠢᠷᠠᠭᠤᠯᠬᠤ︾ ᠵᠠᠷᠴᠢᠮ ᠶᠣᠰᠣᠭᠠᠷ᠂ ᠶᠡᠷᠦᠩᠬᠡᠶᠢᠯᠡᠨ ᠵᠣᠬᠢᠴᠠᠭᠤᠯᠬᠤ ᠴᠢᠳᠠᠪᠤᠷᠢ ᠪᠠᠷ ᠨᠡᠯᠢᠶᠡᠳ ᠴᠢᠩᠭ᠎ᠠ ᠪᠥᠭᠡᠳ ᠲᠣᠰᠬᠤᠨ ᠤ ᠪᠠᠶᠢᠳᠠᠯ ᠪᠠ ᠲᠣᠰᠬᠤᠨ ᠤ ᠠᠷᠠᠳ ᠢ ᠰᠠᠶᠢᠨ ᠣᠶᠢᠯᠠᠭᠠᠵᠤ ᠮᠡᠳᠡᠳᠡᠭ 121 ᠬᠥᠮᠥᠨ ᠢ ᠰᠢᠯᠢᠨ ᠳᠡᠪᠰᠢᠭᠦᠯᠵᠦ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠳᠠᠷᠤᠭ᠎ᠠ︾ ᠪᠣᠯᠭᠠᠵᠤ᠂ ᠪᠦᠬᠦ ᠰᠢᠶᠠᠨ ᠤ ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠢ ᠬᠠᠮᠤᠷᠪᠠ᠃     ︽ᠮᠥᠩᠭᠦᠨ ᠭᠦᠢᠯᠭᠡᠭᠡᠨ ᠤ ᠳᠡᠳ᠋ ᠲᠣᠰᠬᠤᠨ ᠳᠠᠷᠤᠭ᠎ᠠ︾ ᠶᠢᠨ ᠬᠠᠪᠰᠤᠷᠤᠯᠭ᠎ᠠ ᠳᠣᠣᠷ᠎ᠠ᠂ ᠲᠣᠰᠬᠤᠨ ᠤ ᠠᠷᠠᠳ ᠲᠣᠰᠬᠤᠨ ᠳᠣᠲᠣᠷ᠎ᠠ ᠪᠠᠨ ᠮᠥᠩᠭᠦᠨ ᠭᠦᠢᠯᠭᠡᠭᠡᠨ ᠤ ᠵᠥᠪᠯᠡᠯᠭᠡ ᠪᠠ ᠵᠢᠭᠡᠯᠡᠯᠭᠡ ᠠᠪᠴᠤ ᠳᠡᠶᠢᠯᠬᠦ ᠪᠣᠯᠵᠤ᠂ ᠭᠠᠷ ᠤᠲᠠᠰᠤ ᠪᠠᠷ ᠵᠢᠭᠡᠯᠡᠯᠭᠡ ᠭᠤᠶᠤᠴᠢᠯᠠᠬᠤ᠂ ᠬᠢᠨᠠᠨ ᠵᠥᠪᠰᠢᠶᠡᠷᠡᠭᠦᠯᠬᠦ᠂ ᠭᠡᠷ᠎ᠡ ᠲᠣᠭᠲᠠᠬᠤ᠂ ᠵᠠᠷᠤᠵᠤ ᠬᠡᠷᠡᠭᠯᠡᠬᠦ ᠵᠢᠴᠢ ᠵᠢᠭᠡᠯᠡᠯᠭᠡ ᠪᠠᠨ ᠪᠤᠴᠠᠭᠠᠬᠤ ᠵᠡᠷᠭᠡ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠥᠪᠡᠰᠦᠪᠡᠨ ᠬᠢᠵᠦ ᠳᠡᠶᠢᠯᠬᠦ ᠪᠣᠯᠭᠠᠭᠰᠠᠨ ᠢᠶᠠᠷ ᠲᠠᠷᠢᠶᠠᠴᠢᠳ ᠤᠨ ᠪᠡᠯᠡ ᠮᠥᠩᠭᠦ ᠴᠤᠭᠯᠠᠭᠤᠯᠬᠤ ᠳᠤ ᠬᠦᠴᠢᠷᠲᠡᠢ᠂ ᠪᠡᠯᠡ ᠮᠥᠩᠭᠦ ᠴᠤᠭᠯᠠᠭᠤᠯᠬᠤ ᠳᠤ ᠦᠨᠡᠲᠡᠢ᠂ ᠪᠡᠯᠡ ᠮᠥᠩᠭᠦ ᠴᠤᠭᠯᠠᠭᠤᠯᠬᠤ ᠳᠤ ᠤᠳᠠᠭᠠᠨ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠪᠠᠶᠢᠨ᠎ᠠ᠃ 3 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠥᠬᠡᠬᠤᠲᠠ ᠬᠤᠪᠢᠶᠠᠷᠢ ᠪᠠᠩᠬᠢ ᠶᠢᠨ ᠲᠣᠭᠲᠠᠬᠤ ᠰᠠᠯᠪᠤᠷᠢ ᠪᠠᠩᠬᠢ ᠡᠨᠡ ᠵᠢᠯ ︽ᠲᠠᠷᠢᠶᠠᠯᠠᠩ ᠢ ᠬᠥᠭᠵᠢᠭᠦᠯᠦᠨ ᠮᠠᠨᠳᠤᠭᠤᠯᠬᠤ ᠲᠦᠷᠭᠡᠨ ᠵᠢᠭᠡᠯᠡᠯᠭᠡ︾ ᠶᠢ ᠨᠡᠶᠢᠲᠡ 116 ᠬᠤᠪᠢ ᠲᠠᠯᠪᠢᠵᠤ᠂ ᠲᠠᠯᠪᠢᠭᠰᠠᠨ ᠵᠢᠭᠡᠯᠡᠯᠭᠡ ᠶᠢᠨ ᠵᠣᠭᠤᠰ 9200 ᠲᠦᠮᠡᠨ ᠲᠥᠭᠦᠷᠢᠭ ᠲᠤ ᠬᠦᠷᠴᠡᠢ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠡᠯᠡ ᠮᠥᠩᠭᠦ ᠶᠢᠨ ᠬᠡᠷᠡᠭᠴᠡᠭᠡ ᠶᠢ ᠪᠦᠲᠦᠮᠵᠢᠲᠡᠶ ᠬᠠᠩᠭᠠᠪᠠ᠃     ᠥᠪᠥᠷ ᠮᠣᠩᠭᠤᠯ ᠳᠤ᠂ ᠹᠠᠨ ᠶᠦᠩ ᠱᠧᠩ ᠯᠦᠭᠡ ᠠᠳᠠᠯᠢᠬᠠᠨ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠳᠠᠷᠤᠭ᠎ᠠ︾ ᠨᠢᠭᠡᠨᠲᠡ 1.13 ᠲᠦᠮᠡ ᠳᠤ ᠬᠦᠷᠴᠦ᠂ 12 ᠠᠶᠢᠮᠠᠭ ᠬᠤᠳᠠ ᠶᠢᠨ 103 ᠬᠤᠰᠢᠭᠤ ᠰᠢᠶᠠᠨ ᠤ ᠪᠦᠬᠦ ᠵᠠᠰᠠᠭ ᠵᠠᠬᠢᠷᠭᠠᠨ ᠤ ᠲᠣᠰᠬᠤᠨ ︵ᠬᠥᠳᠡᠭᠡ ᠲᠣᠰᠬᠤᠨ ᠯᠤᠭ᠎ᠠ ᠬᠤᠯᠪᠣᠭᠳᠠᠬᠤ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠪᠠᠭᠲᠠᠨ᠎ᠠ︶ ᠢ ᠬᠠᠮᠤᠷᠪᠠ᠂ ᠡᠨᠡ ᠨᠢ ᠵᠠᠰᠠᠭ ᠵᠠᠬᠢᠷᠭᠠᠨ ᠤ ᠲᠣᠰᠬᠤᠨ ᠪᠣᠯᠭᠠᠨ ᠳᠤ ᠮᠥᠩᠭᠦᠨ ᠭᠦᠢᠯᠭᠡᠭᠡᠨ ᠤ ᠲᠤᠰᠬᠠᠢ ︽ᠬᠤᠯᠪᠣᠭᠠᠴᠢᠨ︾ ᠲᠠᠢ ᠪᠣᠯᠤᠭᠰᠠᠨ ᠢ ᠬᠠᠷᠠᠭᠤᠯᠵᠤ ᠪᠤᠢ᠃ 2023 ᠣᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠭᠦᠨ ᠭᠦᠢᠯᠭᠡᠭᠡᠨ ᠤ ᠳᠡᠳ᠋ ᠲᠣᠰᠬᠤᠨ ᠳᠠᠷᠤᠭ᠎ᠠ﹀ ᠶᠢᠨ ᠦᠢᠯᠡᠴᠢᠯᠡᠭᠡᠨ ᠤ ᠬᠡᠪ ᠵᠠᠭᠪᠤᠷ ᠢ ᠳᠡᠯᠭᠡᠷᠡᠭᠦᠯᠦᠭᠰᠡᠨ ᠠᠵᠢᠯ ᠤᠨ ᠬᠡᠷᠡᠭ ᠤᠨ ᠵᠢᠱᠢᠶ᠎ᠡ︾ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠳᠡᠮᠵᠢᠭᠰᠡᠨ ᠠᠷᠪᠠᠨ ᠶᠡᠭᠡ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠣᠳᠣᠬᠠᠨ ᠳᠤ᠂ ᠪᠥᠬᠦ ᠣᠷᠣᠨ ᠤ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠳᠠᠷᠤᠭ᠎ᠠ︾ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠮᠵᠢᠨ ᠬᠠᠪᠰᠤᠷᠴᠤ ᠪᠠᠶᠢᠭᠠᠳ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠣᠯᠬᠤ 9.5 ᠲᠦᠮᠡᠨ ᠡᠷᠦᠬᠡ ᠳᠤ ᠢᠲᠡᠭᠡᠮᠵᠢ ᠣᠯᠭᠤᠵᠤ᠂ ᠢᠲᠡᠭᠡᠮᠵᠢ ᠣᠯᠭᠤᠭᠰᠠᠨ ᠵᠣᠭᠤᠰ ᠤᠨ ᠲᠤᠭ᠎ᠠ ᠨᠢ 134.9 ᠳ᠋ᠦᠩᠰᠢᠭᠤᠷ ᠲᠥᠭᠦᠷᠢᠭ ᠲᠤ ᠬᠦᠷᠴᠡᠢ᠃     ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ   ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠠᠰᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠳᠠᠷᠤᠭ᠎ᠠ︾ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠮᠠᠯᠴᠢᠨ ᠲᠠᠷᠢᠶᠠᠴᠢᠳ ᠯᠤᠭ᠎ᠠ ᠶᠢᠨ ᠬᠤᠯᠪᠣᠭᠠᠰᠤ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠭᠦᠨ ᠤ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠳᠠᠷᠤᠭ᠎ᠠ︾ ᠶᠢ ᠪᠣᠶᠢᠵᠢᠭᠤᠯᠤᠨ ᠵᠢᠯᠤᠭᠤᠳᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠣᠯᠪᠠᠰᠤᠷᠠᠯ ᠤᠨ ᠠᠭᠤᠯᠭ᠎ᠠ ᠶᠢ ᠥᠷᠭᠡᠳᠬᠡᠨ᠂ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠳᠠᠷᠤᠭ᠎ᠠ︾ ᠶᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ᠂ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠠᠵᠢᠯ ᠢᠶᠠᠨ ᠰᠠᠶᠢᠲᠤᠷ ᠬᠢᠬᠦ ᠶᠢ ᠲᠦᠯᠬᠢᠨ ᠠᠬᠢᠭᠤᠯᠵᠤ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠪᠣᠶᠢᠵᠢᠭᠤᠯᠬᠤ᠂ ᠬᠠᠮᠲᠤ ᠪᠠᠷ ᠬᠦᠷᠲᠡᠬᠦ ᠬᠥᠭᠵᠢᠯᠲᠡ ᠶᠢᠨ ᠲᠥᠯᠥᠪ ᠪᠠᠶᠢᠳᠠᠯ ᠢ ᠪᠣᠶ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号