ᠰᠢᠯᠢ ᠶᠢᠨ ᠬᠤᠲᠠ —  ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ ᠪᠠᠶᠢᠭᠠᠯᠢ ᠶᠢᠨ ᠰᠢᠲᠠᠮᠠᠬᠠᠢ ᠬᠡᠢ ᠳᠤ ᠬᠤᠯᠪᠣᠭᠳᠠᠭᠰᠠᠨ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠴᠢᠳᠠᠪᠤᠷᠢ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/31
     ᠪᠣᠬᠢᠷᠲᠤᠯ ᠤᠨ ᠡᠬᠢ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ ᠶᠢ ᠲᠣᠭᠲᠠᠭᠤᠨ ᠢᠶᠠᠷ ᠠᠵᠢᠯᠯᠠᠭᠤᠯᠬᠤ ᠪᠣᠯ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠭᠤᠭᠴᠤᠭ᠎ᠠ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠠᠮᠵᠢᠯᠲᠠ ᠪᠦᠲᠦᠮᠵᠢ ᠣᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠰᠢᠲᠠᠮᠠᠬᠠᠢ ᠬᠡᠢ ᠳᠤ ᠬᠤᠯᠪᠣᠭᠳᠠᠭᠰᠠᠨ ᠠᠵᠤ ᠠᠬᠤᠶᠢᠯᠠᠯ ᠤᠨ ᠪᠣᠬᠢᠷᠲᠤᠯ ᠤᠨ ᠡᠬᠢ ᠰᠤᠷᠪᠤᠯᠵᠢ ᠶᠢ ᠬᠢᠨᠠᠨ ᠬᠠᠮᠢᠶᠠᠷᠬᠤ ᠴᠢᠳᠠᠪᠤᠷᠢ ᠶᠢ  ᠰᠢᠯᠢ ᠶᠢᠨ ᠬᠤᠲᠠ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠣᠨᠴᠠᠯᠢᠭ ᠪᠠ ᠲᠥᠬᠦᠭᠡᠷᠦᠮᠵᠢ ᠶᠢᠨ ᠠᠵᠢᠯᠯᠠᠭᠠᠨ ᠤ ᠣᠳᠣᠬᠢ ᠪᠠᠶᠢᠳᠠᠯ ᠲᠠᠢ ᠭᠦᠢᠴᠡᠳ ᠤᠶᠠᠯᠳᠤᠭᠤᠯᠤᠨ᠂ ᠬᠠᠷᠢᠶᠠᠲᠤ ᠣᠷᠣᠨ ᠤ ᠠᠭᠠᠷ ᠮᠠᠨᠳᠠᠯ ᠤᠨ ᠣᠷᠴᠢᠨ ᠲᠣᠭᠤᠷᠢᠨ ᠤ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ 5 ᠨᠢᠭᠡᠴᠡ ᠵᠢᠴᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠳᠤ ᠠᠦ᠋ᠲ᠋ᠣ᠋ ᠬᠢᠨᠠᠨ ᠬᠡᠮᠵᠢᠯᠲᠡ ᠶᠢ ᠬᠡᠷᠡᠭᠵᠢᠭᠦᠯᠬᠦ ᠪᠠᠷ ᠲᠣᠳᠣᠷᠬᠠᠢ ᠲᠣᠭᠲᠠᠭᠠᠭᠰᠠᠨ ᠪᠣᠬᠢᠷᠲᠤᠯ ᠭᠠᠳᠠᠭᠰᠢᠯᠠᠭᠤᠯᠬᠤ ᠨᠢᠭᠡᠴᠡ ᠳᠤ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠶᠢᠨ ᠨᠠᠷᠢᠯᠢᠭ ᠣᠨᠣᠴᠠᠲᠠᠢ ᠦᠢᠯᠡᠴᠢᠯᠡᠭᠡᠨ ᠤ ᠵᠠᠭᠪᠤᠷ ᠢ ᠠᠪᠴᠤ᠂ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ ᠶᠢᠨ ᠰᠦᠯᠵᠢᠶᠡᠨ ᠳᠡᠭᠡᠷ᠎ᠡ ᠬᠢᠨᠠᠨ ᠬᠡᠮᠵᠢᠬᠦ ᠴᠢᠳᠠᠪᠤᠷᠢ ᠶᠢ ᠪᠦᠲᠦᠮᠵᠢᠲᠡᠶ  ᠲᠡᠭᠡᠭᠰᠢᠯᠡᠭᠦᠯᠪᠠ᠃      ᠣᠷᠳᠣ ᠬᠤᠭᠤᠴᠠᠭᠠᠨ ᠤ ᠲᠤᠷᠰᠢ᠂ ᠠᠵᠤ ᠦᠢᠯᠡᠳᠪᠦᠷᠢ ᠶᠢᠨ ᠡᠵᠡᠮᠰᠢᠯ ᠮᠠᠰᠢᠨ ᠨᠢ ᠭᠠᠯ ᠴᠠᠬᠢᠯᠭᠠᠨ ᠤ ᠦᠢᠯᠡᠳᠪᠦᠷᠢ ᠶᠢᠨ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠰᠢᠰᠲ᠋ᠧᠮ ᠤᠨ ︽ᠶᠡᠭᠡ ᠲᠠᠷᠢᠬᠢ︾ ᠪᠣᠯᠤᠭᠰᠠᠨ ᠤ ᠬᠤᠪᠢ ᠳᠤ᠂ ᠲᠤᠭ᠎ᠠ ᠪᠠᠷᠢᠮᠲᠠ ᠶᠢ ᠴᠤᠭᠯᠠᠭᠤᠯᠬᠤ ᠪᠠ ᠬᠢᠨᠠᠨ ᠡᠵᠡᠮᠳᠡᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠭᠰᠡᠭᠡᠷ ᠢᠷᠡᠵᠡᠶ᠃ ᠭᠡᠲᠡᠯ᠎ᠡ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠴᠠᠭ ᠦᠶ᠎ᠡ ᠬᠦᠷᠴᠦ ᠢᠷᠡᠬᠦ ᠶᠢ ᠳᠠᠭᠠᠯᠳᠤᠨ᠂ ᠠᠵᠤ ᠦᠢᠯᠡᠳᠪᠦᠷᠢ ᠶᠢᠨ ᠡᠵᠡᠮᠳᠡᠯ ᠤᠨ ᠮᠠᠰᠢᠨ ᠤ ᠥᠪᠡᠷ ᠤᠨ ᠥᠷᠲᠡᠭ ᠥᠨᠳᠥᠷ᠂ ᠬᠠᠮᠠᠭᠠᠯᠠᠬᠤ ᠳᠤ ᠬᠦᠴᠢᠷ᠂ ᠲᠤᠭ᠎ᠠ ᠪᠠᠷᠢᠮᠲᠠ ᠶᠢᠨ ᠥᠨᠥᠴᠢᠨ ᠠᠷᠠᠯ ᠵᠡᠷᠭᠡ ᠠᠰᠠᠭᠤᠳᠠᠯ ᠤᠯᠠᠮ ᠢᠶᠠᠷ ᠢᠯᠡᠷᠡᠨ ᠭᠠᠷᠴᠤ᠂ ᠭᠠᠯ ᠴᠠᠬᠢᠯᠭᠠᠨ ᠤ ᠦᠢᠯᠡᠳᠪᠦᠷᠢ ᠶᠢᠨ ᠣᠶᠤᠨᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢᠨ ᠪᠣᠭᠤᠮᠢ ᠪᠣᠯᠵᠤ ᠪᠠᠶᠢᠨ᠎ᠠ᠃     ᠬᠦᠴᠢᠷᠳᠡᠯ ᠢ ᠠᠷᠢᠯᠭᠠᠬᠤ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠬᠤᠲᠠ ᠶᠢᠨ ᠬᠤᠪᠢᠶᠠᠷᠢ ᠲᠣᠪᠴᠢᠶ᠎ᠠ ᠶᠢᠨ ᠵᠢᠯᠣᠭᠤᠳᠤᠯᠭ᠎ᠠ ᠳᠣᠣᠷ᠎ᠠ᠂ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠰᠢᠯᠢ ᠶᠢᠨ ᠬᠤᠲᠠ ᠶᠢᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠤᠭ ᠤᠨ ᠲᠦᠷᠦᠭᠦᠨ ᠳᠤ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠶᠢᠨ ᠰᠢᠰᠲ᠋ᠧᠮ ᠳᠤ ᠠᠵᠤ ᠦᠢᠯᠡᠳᠪᠦᠷᠢ ᠶᠢᠨ ᠡᠵᠡᠮᠳᠡᠯ ᠤᠨ ᠮᠠᠰᠢᠨ ᠢ ᠬᠦᠴᠦᠨ ᠦᠭᠡᠢ ᠪᠣᠯᠭᠠᠵᠤ᠂ ᠬᠥᠳᠡᠯᠦᠩᠭᠦᠢ ᠪᠠᠷ ᠬᠠᠮᠢᠶᠠᠷᠤᠨ ᠡᠵᠡᠮᠳᠡᠬᠦ ᠰᠢᠨ᠎ᠡ ᠵᠠᠭᠪᠤᠷ ᠢ ᠬᠡᠷᠡᠭᠯᠡᠭᠰᠡᠨ ᠪᠠᠶᠢᠨ᠎ᠠ᠃ ᠲᠤᠰ ᠵᠠᠭᠪᠤᠷ ᠨᠢ ᠠᠵᠤ ᠦᠢᠯᠡᠳᠪᠦᠷᠢ ᠶᠢᠨ ᠡᠵᠡᠮᠰᠢᠯ ᠤᠨ ᠮᠠᠰᠢᠨ ᠤ ᠴᠢᠳᠠᠮᠵᠢ ᠶᠢ ᠣᠶᠤᠨᠲᠤ ᠲᠤᠭ᠎ᠠ ᠪᠠᠷᠢᠮᠲᠠ ᠴᠤᠭᠯᠠᠭᠤᠯᠬᠤ ᠦᠵᠦᠭᠦᠷ ᠲᠤ ᠬᠤᠷᠠᠮᠳᠤᠭᠤᠯᠵᠤ᠂ ᠡᠭᠦᠨ ᠤ ᠬᠠᠮᠲᠤ ᠠᠵᠤ ᠦᠢᠯᠡᠳᠪᠦᠷᠢ ᠶᠢᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠲᠠᠪᠴᠠᠩ ᠪᠣᠯᠣᠨ ᠬᠥᠳᠡᠯᠦᠩᠭᠦᠢ ᠬᠠᠮᠢᠶᠠᠷᠤᠨ ᠡᠵᠡᠮᠳᠡᠬᠦ ᠲᠠᠪᠴᠠᠩ ᠳᠤ ᠲᠦᠰᠢᠭᠯᠡᠵᠦ᠂ ᠲᠥᠬᠦᠭᠡᠷᠦᠮᠵᠢ ᠶᠢᠨ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠬᠦ᠂ ᠭᠡᠮᠲᠦᠯ ᠢ ᠣᠨᠣᠰᠢᠯᠠᠵᠤ ᠤᠷᠢᠳᠴᠢᠯᠠᠨ ᠰᠡᠷᠡᠮᠵᠢᠯᠡᠭᠦᠯᠬᠦ᠂ ᠠᠯᠤᠰ ᠠᠴᠠ ᠡᠵᠡᠮᠳᠡᠬᠦ ᠵᠡᠷᠭᠡ ᠴᠢᠳᠠᠪᠬᠢ ᠶᠢ ᠪᠡᠶᠡᠯᠡᠭᠦᠯᠵᠦ᠂ ᠪᠦᠬᠦ ᠲᠠᠯ᠎ᠠ ᠶᠢᠨ᠂ ᠪᠣᠰᠤᠭ᠎ᠠ ᠴᠣᠭᠴᠠᠲᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠵᠢᠯᠯᠠᠭᠤᠯᠵᠤ ᠪᠠᠲᠤᠯᠠᠬᠤ ᠥᠪᠡᠷ ᠤᠨ ᠦᠷᠲᠡᠭ ᠢ ᠪᠠᠭᠤᠷᠠᠭᠤᠯᠬᠤ ᠪᠠᠷ ᠪᠠᠷᠠᠬᠤ ᠦᠭᠡᠢ ᠪᠠᠰᠠ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠢᠶᠠᠷ ᠡᠨᠧᠷᠭᠢ ᠶᠢᠨ ᠦᠢᠯᠡᠳᠪᠦᠷᠢᠯᠡᠯ ᠪᠣᠯᠣᠨ ᠪᠣᠬᠢᠷᠲᠤᠯ ᠤᠨ ᠵᠠᠰᠠᠯᠲᠠ ᠶᠢᠨ ᠬᠠᠮᠵᠢᠯᠴᠠᠬᠤ ᠦᠷ᠎ᠡ ᠪᠦᠲᠦᠮᠵᠢ ᠶᠢ  ᠲᠡᠭᠡᠭᠰᠢᠯᠡᠬᠦᠯᠪᠠ᠃ᠰᠢᠯᠢ ᠶᠢᠨ ᠭᠤᠣᠯ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠬᠤᠲᠠ  ᠶᠢᠨ ᠬᠤᠪᠢᠶᠠᠷᠢ ᠲᠣᠪᠴᠢᠶ᠎ᠠ ᠣᠯᠠᠨ ᠤᠳᠠᠭ᠎ᠠ ᠬᠠᠷᠢᠶ᠎ᠠ ᠣᠷᠣᠨ ᠤ ᠪᠠᠨ ᠰᠢᠲᠠᠮᠠᠬᠠᠢ ᠬᠡᠢ ᠳᠤ ᠬᠤᠯᠪᠣᠭᠳᠠᠬᠤ ᠠᠵᠤ ᠠᠬᠤᠶᠢᠯᠠᠯ ᠳᠤ ᠭᠦᠨᠵᠡᠭᠡᠶᠢᠷᠡᠨ ᠰᠦᠯᠵᠢᠶᠡᠨ ᠳᠠᠬᠢ ᠬᠢᠨᠠᠨ ᠡᠵᠡᠮᠳᠡᠬᠦ ᠲᠥᠬᠦᠭᠡᠷᠦᠮᠵᠢ ᠶᠢᠨ ᠰᠦᠯᠵᠢᠶᠡᠨ ᠤ ᠠᠵᠢᠯᠯᠠᠭᠠᠨ ᠤ ᠲᠤᠬᠠᠢ ᠶᠢᠨ ᠲᠠᠯᠠᠪᠠᠶ ᠶᠢᠨ ᠵᠢᠯᠣᠭᠤᠳᠤᠯᠭ᠎ᠠ ᠶᠢ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠬᠦᠭᠡᠷᠦᠮᠵᠢ ᠶᠢᠨ ᠤᠭᠰᠠᠷᠠᠯᠲᠠ ᠶᠢᠨ ᠵᠢᠷᠤᠮᠵᠢᠯᠳᠤ ᠴᠢᠨᠠᠷ᠂ ᠰᠦᠯᠵᠢᠶ᠎ᠡ ᠶᠢᠨ ᠳᠠᠮᠵᠢᠭᠤᠯᠭ᠎ᠠ ᠶᠢᠨ ᠲᠣᠭᠲᠠᠪᠤᠷᠢᠲᠤ ᠴᠢᠨᠠᠷ᠂ ᠠᠵᠢᠯᠯᠠᠭᠠᠨ ᠤ ᠬᠠᠮᠠᠭᠠᠯᠠᠯᠲᠠ ᠶᠢᠨ ᠲᠡᠮᠳᠡᠭᠯᠡᠯ ᠤᠨ ᠪᠦᠷᠢᠨ ᠪᠦᠲᠦᠨ ᠴᠢᠨᠠᠷ ᠵᠢᠴᠢ ᠲᠤᠭ᠎ᠠ ᠪᠠᠷᠢᠮᠲᠠ ᠶᠢᠨ ᠬᠡᠪ ᠤᠨ ᠪᠤᠰᠤ ᠪᠠᠶᠢᠳᠠᠯ ᠢ ᠰᠢᠢᠳᠪᠦᠷᠢᠯᠡᠬᠦ ᠴᠤᠪᠤᠷᠠᠯ ᠵᠡᠷᠭᠡ ᠠᠭᠤᠯᠭ᠎ᠠ ᠶᠢ ᠬᠠᠷᠭᠤᠭᠤᠯᠤᠨ ᠪᠠᠶᠢᠴᠠᠭᠠᠵᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠪᠣᠬᠢᠷᠲᠤᠯ ᠪᠣᠳᠠᠰ ᠢ ᠪᠠᠷᠢᠮᠵᠢᠶ᠎ᠠ  ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ ᠪᠦᠲᠦᠮᠵᠢᠲᠡᠶ ᠰᠡᠷᠭᠡᠶᠢᠯᠡᠵᠦ᠂ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠪᠠ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠪᠠ᠃     ᠳᠠᠷᠠᠭ᠎ᠠ ᠶᠢᠨ ᠠᠯᠬᠤᠮ ᠳᠤ᠂ ᠰᠢᠯᠢ ᠶᠢᠨ ᠬᠤᠲᠠ ᠶᠢᠨ ᠬᠢᠨ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢᠨ ᠡᠳᠦᠷ ᠲᠤᠲᠤᠮ ᠤᠨ ᠬᠢᠨᠠᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠳᠤ ᠪᠣᠳᠠᠲᠠᠢ ᠬᠡᠷᠡᠭᠯᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠪᠣᠬᠢᠷᠲᠤᠯ ᠢ ᠵᠠᠰᠠᠬᠤ ᠲᠥᠬᠦᠭᠡᠷᠦᠮᠵᠢ ᠪᠣᠯᠣᠨ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠰᠢᠰᠲ᠋ᠧᠮ ᠤᠨ ᠵᠡᠷᠭᠡᠪᠡᠷ ᠥᠨᠳᠥᠷ ᠪᠦᠲᠦᠮᠵᠢᠲᠡᠶ ᠠᠵᠢᠯᠯᠠᠬᠤ ᠶᠢ ᠪᠠᠲᠤᠯᠠᠵᠤ᠂ ᠣᠷᠣᠨ ᠪᠦᠰᠡ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠤᠲᠠᠯ ᠤᠨ ᠮᠤᠩᠭᠤᠯ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号