ᠴᠠᠬᠢᠯᠭᠠᠨ ᠬᠥᠳᠡᠯᠭᠡᠭᠦᠷᠲᠦ ᠲᠡᠷᠭᠡ ᠨᠢ ᠶᠠᠪᠤᠵᠤ ᠰᠠᠭᠤᠬᠤ ᠳᠤ ᠳᠥᠭᠦᠮ᠂ ᠵᠠᠮ ᠲᠦᠭᠵᠢᠷᠡᠬᠦ ᠠᠴᠠ ᠵᠣᠪᠠᠭᠤ | ᠦᠭᠡᠢ᠂ ᠣᠶᠢᠷ᠎ᠠ ᠵᠠᠮ ᠢ ᠶᠠᠪᠤᠬᠤ ᠳᠤ ᠮᠠᠰᠢ ᠲᠣᠬᠢᠷᠠᠨ᠎ᠠ᠃ ᠴᠥᠭᠡᠨ ᠪᠤᠰᠤ ᠬᠥᠮᠥᠨ ᠰᠢᠨ᠎ᠡ ᠲᠡᠷᠭᠡ ᠰᠣᠯᠢᠬᠤ | ᠰᠠᠨᠠᠭ᠎ᠠ ᠲᠠᠢ ᠪᠣᠯᠪᠠᠴᠤ 2024 ᠣᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠨᠥᠬᠦᠪᠦᠷᠢ ᠶᠢᠨ | ᠠᠵᠢᠯᠯᠠᠭ᠎ᠠ ᠳᠤ ᠤᠷᠤᠯᠴᠠᠵᠤ ᠠᠮᠵᠢᠭᠰᠠᠨ ᠦᠭᠡᠢ᠃ ᠨᠠᠶᠢᠷᠠᠭᠤᠯᠤᠭᠴᠢ ᠣᠯᠠᠨ ᠳᠤ ᠨᠢᠭᠡᠨ ᠰᠠᠶᠢᠨ ᠴᠢᠮᠡᠭᠡ | ᠳᠠᠮᠵᠢᠭᠤᠯᠤᠶ᠎ᠠ᠂ 2025 ᠣᠨ ᠤ ᠥᠪᠥᠷ ᠮᠣᠩᠭᠤᠯ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ | ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠥᠭᠬᠦ ᠠᠵᠢᠯᠯᠠᠭ᠎ᠠ ᠡᠬᠢᠯᠡᠬᠦ ᠭᠡᠵᠦ ᠪᠠᠶᠢᠨ᠎ᠠ︕ ᠬᠠᠮᠤᠭ | ᠥᠨᠳᠥᠷ ᠲᠡᠭᠡᠨ 600 ᠲᠥᠭᠦᠷᠢᠭ ᠤᠨ ᠨᠥᠬᠦᠪᠦᠷᠢ ᠥᠭᠭᠦᠨ᠎ᠡ︕ᠴᠠᠬᠢᠯᠭᠠᠨ ᠬᠥᠳᠡᠯᠭᠡᠭᠦᠷᠲᠦ ᠬᠠᠭᠤᠴᠢᠨ ᠳᠤᠭᠤᠢ | ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠬᠢᠷᠢ ᠲᠡᠩᠴᠡᠭᠰᠡᠨ ᠰᠢᠨ᠎ᠡ ᠲᠡᠷᠭᠡ ᠬᠤᠳᠠᠯᠳᠤᠨ ᠠᠪᠤᠭᠰᠠᠨ | ᠬᠤᠪᠢ ᠬᠥᠮᠥᠨ ᠳᠤ ᠨᠢᠭᠡ ᠤᠳᠠᠭ᠎ᠠ ᠶᠢᠨ ᠴᠢᠨᠠᠷᠲᠠᠢ 500 ᠲᠥᠭᠦᠷᠢᠭ ᠤᠨ ᠬᠠᠭᠤᠴᠢᠨ ᠢᠶᠠᠷ ᠰᠢᠨ᠎ᠡ ᠶᠢ ᠰᠣᠯᠢᠬᠤ | ᠲᠣᠭᠲᠠᠭᠰᠠᠨ ᠲᠣᠭᠠᠨ ᠤ ᠨᠥᠬᠦᠪᠦᠷᠢ ᠥᠭᠭᠦᠨ᠎ᠡ᠃ ᠡᠭᠦᠨ ᠳᠤ᠂ ᠬᠠᠶᠠᠭᠳᠠᠮᠠᠯ ᠯᠢᠲ᠋ᠢ ᠢᠶᠤᠨ ᠬᠡᠯᠬᠢᠶ᠎ᠡ ᠳ᠋ᠢᠶᠠᠨ | ᡂᠢ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠᠨ ᠲᠤᠰᠢᠶᠠᠵᠤ ᠬᠦᠴᠦᠨ ᠦᠭᠡᠢ ᠪᠤᠯᠭᠠᠬᠤ ᠶᠢᠨ ᠬᠠᠮᠲᠤ | ᠲᠤᠭᠤᠯᠭᠠᠨ ᠬᠦᠴᠢᠯ ᠤᠨ ᠬᠡᠯᠬᠢᠶ᠎ᠡ ᠳ᠋ᠢᠶᠠᠨ ᡂᠢ ᠶᠢᠨ ᠴᠠᠬᠢᠯᠭᠠᠨ ᠬᠥᠳᠡᠯᠭᠡᠭᠦᠷᠲᠦ ᠰᠢᠨ᠎ᠡ ᠳᠤᠭᠤᠢ ᠲᠡᠷᠭᠡ ᠰᠣᠯᠢᠵᠤ | ᠬᠤᠳᠠᠯᠳᠤᠨ ᠠᠪᠤᠭᠰᠠᠨ ᠬᠤᠪᠢ ᠬᠥᠮᠥᠨ ᠳᠤ ᠪᠠᠰᠠ ᠢᠯᠡᠭᠦᠦ 100 ᠲᠥᠭᠦᠷᠢᠭ ᠤᠨ ᠨᠥᠬᠦᠪᠦᠷᠢ ᠥᠭᠭᠦᠨ᠎ᠡ᠃ | ᠨᠥᠬᠦᠪᠦᠷᠢ ᠭᠥᠷᠳᠡᠬᠦ ᠬᠡᠷᠡᠭᠯᠡᠭᠴᠢᠳ ᠤᠨ ︽ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠠᠵᠢᠯ ᠲᠥᠷᠥᠯ ᠤᠨ | ᠵᠢᠷᠤᠮᠵᠢᠯ ᠤᠨ ᠨᠥᠬᠦᠴᠡᠯ︾ ᠳᠤ ᠨᠡᠶᠢᠴᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠬᠢᠷᠢ ᠲᠡᠩᠴᠡᠭᠰᠡᠨ | ᠴᠠᠬᠢᠯᠭᠠᠨ ᠬᠥᠳᠡᠯᠭᠡᠭᠦᠷᠲᠦ ᠰᠢᠨ᠎ᠡ ᠳᠤᠭᠤᠢ ᠲᠡᠷᠭᠡ ᠶᠢ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ |