ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠠᠷᠠᠳ | ᠤᠯᠠᠨ ᠳᠤ ᠨᠡᠩ ᠰᠢᠯᠢᠳᠡᠭ ᠨᠡᠩ ᠲᠥᠭᠦᠮ ᠳᠥᠲᠡ ᠰᠡᠳᠬᠢᠴᠡ ᠶᠢᠨ ᠡᠷᠡᠭᠦᠯ ᠮᠡᠨᠲᠤ ᠶᠢᠨ ᠦᠢᠯᠡᠴᠢᠯᠡᠭᠡ | ᠬᠠᠩᠭᠠᠬᠤ ᠶᠢᠨ ᠲᠥᠯᠥᠭᠡ ᠣᠶᠢᠷ᠎ᠠ ᠶᠢᠨ ᠬᠤᠭᠤᠴᠠᠭᠠᠨ ᠳᠤ᠂ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ | ᠮᠡᠨᠲᠤ ᠶᠢᠨ ᠵᠥᠪᠯᠡᠯ ᠨᠢ ᠠᠵᠤ ᠦᠢᠯᠡᠳᠪᠦᠷᠢ ᠪᠣᠯᠣᠨ ᠰᠤᠷᠠᠭ ᠵᠠᠩᠭᠢᠵᠢᠯᠲᠠ ᠶᠢᠨ ᠬᠡᠯᠲᠡᠰ ᠲᠠᠢ ᠬᠠᠮᠵᠢᠯᠴᠠᠨ ︽ | 12356︾ ᠬᠠᠯᠠᠮ ᠤᠲᠠᠰᠤ ᠶᠢ ᠪᠥᠬᠦ ᠤᠯᠤᠰ ᠤᠨ ᠨᠢᠭᠡᠳᠦᠯᠲᠡᠢ ᠰᠡᠳᠬᠢᠴᠡ ᠶᠢᠨ ᠵᠥᠪᠯᠡᠮᠵᠢ ᠶᠢᠨ ᠬᠠᠯᠠᠮ | ᠤᠲᠠᠰᠤ ᠪᠠᠷ ᠲᠣᠬᠢᠷᠠᠭᠤᠯᠪᠠ᠃ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ᠨᠢ ᠡᠨᠡᠬᠦ ᠠᠵᠢᠯ ᠢ ᠢᠳᠡᠪᠬᠢᠲᠡᠢ | ᠴᠤᠤᠷᠢᠶᠠᠲᠤᠨ ᠲᠦᠷᠭᠡᠨ ᠬᠥᠳᠡᠯᠦᠯᠴᠡᠵᠦ᠂ ᠪᠠᠴᠢᠮ ᠶᠠᠭᠠᠷᠠᠯᠲᠠᠢ ᠪᠡᠯᠡᠳᠬᠡᠯ ᠢᠶᠠᠷ ᠲᠠᠮᠵᠢᠨ 2025 ᠣᠨ ᠤ 1 | ᠰᠠᠷ᠎ᠠ ᠶᠢᠨ 26 ᠤ ᠡᠳᠦᠷ ᠵᠢᠩᠬᠢᠨᠢ ᠪᠠᠷ ᠪᠥᠬᠦ ᠤᠯᠤᠰ ᠤᠨ ᠨᠢᠭᠡᠳᠦᠯᠲᠡᠢ ᠰᠡᠳᠬᠢᠴᠡ ᠶᠢᠨ ᠵᠥᠪᠯᠡᠮᠵᠢ ᠶᠢᠨ ︽ | 12356︾ ᠬᠠᠯᠠᠮ ᠤᠲᠠᠰᠤ ᠶᠢ ᠨᠠᠪᠲᠠᠷᠡᠭᠦᠯᠵᠦ᠂ ᠤᠯᠠᠨ ᠲᠦᠮᠡᠨ ᠳᠤ 24 ᠴᠠᠭ ᠢᠶᠠᠷ ᠰᠡᠳᠬᠢᠴᠡ ᠶᠢᠨ | ᠵᠥᠪᠯᠡᠮᠵᠢ ᠶᠢᠨ ᠦᠢᠯᠡᠴᠢᠯᠡᠭᠡ ᠬᠠᠩᠭᠠᠵᠤ ᠪᠤᠢ᠃ | ︽12356︾ ᠬᠠᠯᠠᠮ ᠤᠲᠠᠰᠤ ᠶᠢ ᠵᠠᠯᠭᠠᠭᠴᠢ ᠬᠠᠢ ᠵᠤᠤ ᠨᠠᠨ᠄ ︽︿12356﹀ 24 ᠴᠠᠭ ᠢᠶᠠᠷ ᠦᠢᠯᠡᠴᠢᠯᠡᠬᠦ | ᠰᠡᠳᠬᠢᠴᠡ ᠶᠢᠨ ᠵᠥᠪᠯᠡᠮᠵᠢ ᠶᠢᠨ ᠬᠠᠯᠠᠮ ᠤᠲᠠᠰᠤ ᠨᠢ ᠭᠤᠣᠯᠳᠠᠭᠤ ᠤᠲᠠᠰᠤ ᠢᠷᠡᠭᠦᠯᠦᠭᠴᠢᠳ ᠲᠤ ᠰᠡᠳᠬᠢᠴᠡ ᠶᠢᠨ | ᠲᠠᠶᠢᠳᠬᠤᠷᠠᠭᠤᠯᠤᠯ ᠬᠢᠳᠡᠭ᠃ ᠤᠲᠠᠰᠤ ᠢᠷᠡᠭᠦᠯᠦᠭᠴᠢᠳ ᠤᠨ ᠣᠯᠠᠩᠬᠢ ᠨᠢ ᠭᠡᠷ ᠪᠦᠯᠢ᠂ ᠦᠷ᠎ᠡ ᠬᠡᠦᠬᠡᠳ᠂ | ᠬᠥᠮᠥᠰ ᠤᠨ ᠬᠤᠭᠤᠷᠤᠨᠲᠤᠬᠢ ᠬᠠᠷᠢᠴᠠᠭ᠎ᠠ ᠵᠢᠴᠢ ᠠᠵᠢᠯ ᠰᠤᠷᠤᠯᠭ᠎ᠠ ᠶᠢᠨ ᠳᠠᠷᠤᠭᠠᠰᠤ ᠠᠴᠠ ᠪᠣᠯᠤᠭᠰᠠᠨ | ᠰᠡᠳᠬᠢᠴᠡ ᠶᠢᠨ ᠳᠠᠷᠤᠭᠠᠰᠤ ᠲᠠᠢ ᠬᠥᠮᠥᠰ ᠪᠠᠶᠢᠵᠤ᠂ ᠪᠢᠲᠠ ᠲᠤᠰᠬᠠᠢ ᠮᠡᠳᠡᠯᠭᠡ ᠪᠣᠯᠣᠨ ᠬᠦᠯᠢᠴᠡᠩᠭᠦᠢ ᠬᠠᠯᠠᠭᠤᠮᠰᠤᠭ | ᠣᠪᠣᠷ ᠢᠶᠠᠷ ᠦᠢᠯᠡᠴᠢᠯᠡᠵᠦ᠂ ᠤᠲᠠᠰᠤ ᠢᠷᠡᠭᠦᠯᠦᠭᠴᠢᠳ ᠲᠤ ᠰᠡᠳᠬᠢᠴᠡ ᠶᠢᠨ ᠳᠡᠮᠵᠢᠯᠭᠡ ᠪᠣᠯᠣᠨ ᠲᠣᠬᠢᠷᠠᠭᠤᠯᠤᠯᠲᠠ | ᠬᠢᠳᠡᠭ︾ ᠭᠡᠵᠦ ᠲᠠᠨᠢᠯᠴᠠᠭᠤᠯᠪᠠ᠃ | ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶᠠᠨ ᠤ ᠰᠡᠳᠬᠢᠴᠡ ᠶᠢᠨ ᠰᠠᠯᠠᠭᠠᠨ ᠤ ᠡᠷᠬᠢᠯᠡᠭᠴᠢ ᠶᠠᠩ ᠰᠢᠶᠣᠣ | ᠯᠧᠢ ᠢᠯᠡᠷᠬᠡᠶᠢᠯᠡᠬᠦ ᠳᠡᠭᠡᠨ᠄ ︽︿12356﹀ ᠰᠡᠳᠬᠢᠴᠡ ᠶᠢᠨ ᠵᠥᠪᠯᠡᠮᠵᠢ ᠶᠢᠨ ᠬᠠᠯᠠᠮ ᠤᠲᠠᠰᠤᠨ ᠳᠤ ᠲᠤᠰᠬᠠᠢ | ᠠᠵᠢᠯᠲᠠᠨ ᠲᠣᠬᠢᠷᠠᠭᠤᠯᠤᠨ᠂ 24 ᠴᠠᠭ ᠢᠶᠠᠷ ᠲᠠᠰᠤᠷᠠᠯᠲᠠ ᠦᠭᠡᠢ ᠦᠢᠯᠡᠴᠢᠯᠡᠭᠡ ᠬᠠᠩᠭᠠᠵᠤ ᠪᠤᠢ᠃ ᠬᠡᠷᠪᠡ | ᠤᠯᠠᠨ ᠢᠶᠠᠷ ᠢᠶᠠᠨ ᠤᠷᠮ᠎ᠠ ᠰᠡᠳᠬᠢᠯᠭᠡ ᠶᠢᠨ ᠲᠠᠯ᠎ᠠ ᠪᠠᠷ ᠵᠠᠷᠢᠮ ᠠᠰᠠᠭᠤᠳᠠᠯ ᠢᠯᠡᠷᠡᠪᠡᠯ᠂ ᠡᠨᠡᠬᠦ ᠤᠲᠠᠰᠤ ᠪᠠᠷ | ᠬᠤᠯᠪᠣᠭᠳᠠᠨ ᠪᠢᠲᠠᠨ ᠢ ᠡᠷᠢᠵᠦ ᠪᠣᠯᠣᠨ᠎ᠠ᠃ ᠪᠢᠲᠠ ᠬᠠᠮᠤᠭ ᠴᠢᠳᠠᠯ ᠢᠶᠠᠷ ᠢᠶᠠᠨ ᠤᠯᠠᠨ ᠲᠦᠮᠡᠨ ᠤ ᠰᠡᠳᠬᠢᠯ ᠤᠨ | ᠪᠤᠬᠢᠨᠢᠳᠤᠯ ᠪᠣᠯᠣᠨ ᠳᠠᠷᠤᠭᠠᠰᠤ ᠶᠢ ᠬᠥᠩᠭᠡᠷᠡᠭᠦᠯᠵᠦ ᠥᠭᠭᠦᠨ᠎ᠡ︾ ᠭᠡᠪᠡ᠃ |