ᠤᠯᠠᠭᠠᠨ ᠢᠳᠡᠭᠡ ᠳᠤ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠮᠢᠬ᠎ᠠ᠂ ᠪᠤᠭᠤ ᠶᠢᠨ ᠮᠢᠬ᠎ᠠ᠂ | ᠲᠠᠤᠯᠠᠢ ᠶᠢᠨ ᠮᠢᠬ᠎ᠠ ᠵᠡᠷᠭᠡ ᠰᠢᠷᠬᠡᠭᠯᠢᠭ ᠳᠠᠪᠬᠤᠷᠭ᠎ᠠ ᠪᠦᠬᠦᠢ ᠤᠯᠠᠭᠠᠨ ᠥᠩᠭᠡ ᠲᠠᠢ ᠮᠠᠯ ᠤᠨ ᠮᠢᠬ᠎ᠠ ᠪᠠᠭᠲᠠᠵᠤ | ᠪᠠᠶᠢᠬᠤ ᠪᠥᠭᠡᠳ ᠨᠢᠭᠡᠨᠲᠡ ᠡᠳᠡᠭᠡᠷ ᠢ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠣᠯᠠᠨ | ᠤᠯᠤᠰ ᠤᠨ ᠬᠤᠣᠷᠲᠤ ᠬᠠᠪᠤᠳᠠᠷ ᠤᠨ ᠰᠤᠳᠤᠯᠭᠠᠨ ᠤ ᠪᠠᠶᠢᠭᠤᠯᠤᠮᠵᠢ ᠠᠴᠠ 2A ᠲᠥᠷᠥᠯ ᠤᠨ ᠬᠤᠣᠷᠲᠤ ᠬᠠᠪᠤᠳᠠᠷ | ᠡᠭᠦᠰᠬᠡᠳᠡᠭ ᠢᠳᠡᠭᠡᠨ ᠢᠶᠠᠷ ᠵᠢᠭᠰᠠᠭᠠᠪᠠ᠃ ᠣᠶᠢᠷ᠎ᠠ ᠶᠢᠨ ᠵᠢᠯ ᠠᠴᠠ ᠮᠠᠰᠢ ᠤᠯᠠᠨ ᠰᠤᠳᠤᠯᠭᠠᠨ ︽ᠤᠯᠠᠭᠠᠨ ᠢᠳᠡᠭᠡ | ᠨᠢ ᠬᠤᠳᠣᠭᠤᠳᠤᠨ ᠤ ᠬᠤᠣᠷᠲᠤ ᠬᠠᠪᠤᠳᠠᠷ᠂ ᠨᠤᠭᠤᠯᠤᠭ᠎ᠠ ᠭᠡᠳᠡᠰᠦᠨ ᠤ ᠬᠤᠣᠷᠲᠤ ᠬᠠᠪᠤᠳᠠᠷ᠂ ᠬᠥᠬᠦᠨ | ᠪᠤᠯᠴᠢᠷᠬᠠᠢ ᠶᠢᠨ ᠬᠤᠣᠷᠲᠤ ᠬᠠᠪᠤᠳᠠᠷ᠂ ᠲᠦᠷᠦᠭᠦᠦ ᠪᠤᠯᠴᠢᠷᠬᠠᠢ ᠶᠢᠨ ᠬᠤᠣᠷᠲᠤ ᠬᠠᠪᠤᠳᠠᠷ ᠵᠡᠷᠭᠡ ᠣᠯᠠᠨ ᠵᠦᠢᠯ ᠤᠨ | ᠬᠤᠣᠷᠲᠤ ᠬᠠᠪᠤᠳᠠᠷ ᠲᠤ ᠨᠡᠷᠪᠡᠭᠳᠡᠬᠦ ᠠᠶᠤᠯ ᠲᠦᠭᠰᠢᠭᠦᠷᠢ ᠶᠢ ᠨᠡᠮᠡᠭᠳᠡᠭᠦᠯᠬᠦ ᠲᠠᠢ ᠬᠠᠷᠢᠴᠠᠭ᠎ᠠ ᠬᠤᠯᠪᠤᠭ᠎ᠠ ᠲᠠᠢ︾ | ᠭᠡᠳᠡᠭ ᠢ ᠭᠡᠷᠡᠴᠢᠯᠡᠭᠰᠡᠨ ᠪᠠᠶᠢᠨ᠎ᠠ᠃ ᠤᠯᠠᠭᠠᠨ ᠢᠳᠡᠭᠡ ᠬᠡᠳᠦᠢ ᠠᠷᠪᠢᠨ ᠢᠳᠡᠪᠡᠯ ᠲᠡᠳᠦᠢ ᠴᠢᠰᠤᠨ ᠰᠤᠳᠠᠯ ᠤᠨ | ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠥᠨᠳᠥᠷ ᠪᠤᠯᠳᠠᠭᠵᠠᠷᠢᠮ ᠠᠵᠢᠭᠯᠠᠯᠲᠠ ᠶᠢᠨ ᠴᠢᠨᠠᠷ ᠲᠠᠢ | ᠰᠤᠳᠤᠯᠭᠠᠨ ᠠᠴᠠ᠂ ᠤᠯᠠᠭᠠᠨ ᠢᠳᠡᠭᠡ ᠳᠤ ᠬᠡᠲᠦ ᠶᠡᠭᠡ ᠬᠠᠨᠤᠭᠰᠠᠨ ᠥᠭᠡᠬᠦ ᠪᠣᠯᠣᠨ ᠾᠣᠯᠧᠰᠲ᠋ᠧᠷᠢᠨ ᠶᠡᠭᠡ | ᠠᠭᠤᠯᠤᠭᠳᠠᠳᠠᠭ ᠪᠣᠯᠬᠤᠷ ᠬᠥᠮᠥᠨ ᠲᠥᠷᠥᠯᠬᠢᠲᠡᠨ ᠤ ᠵᠢᠷᠦᠬᠡ ᠰᠤᠳᠠᠰᠤᠨ ᠤ ᠡᠪᠡᠳᠴᠢᠨ ᠳᠤ ᠨᠡᠷᠪᠡᠭᠳᠡᠬᠦ ᠠᠶᠤᠯ | ᠲᠦᠭᠰᠢᠭᠦᠷᠢ ᠶᠢ ᠨᠡᠮᠡᠭᠳᠡᠭᠦᠯᠬᠦ ᠲᠠᠢ ᠮᠡᠳᠡᠭᠳᠡᠮ᠎ᠡ ᠬᠠᠷᠢᠴᠠᠭ᠎ᠠ ᠬᠤᠯᠪᠣᠭ᠎ᠠ ᠲᠠᠢ ᠶᠤᠮ᠃ ᠤᠯᠠᠭᠠᠨ ᠢᠳᠡᠭᠡ ᠬᠡᠳᠦᠢ | ᠠᠷᠪᠢᠨ ᠢᠳᠡᠪᠡᠯ ᠲᠡᠳᠦᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠥᠨᠳᠥᠷ | ᠪᠣᠯᠣᠨ᠎ᠠ ᠭᠡᠳᠡᠭ ᠢ ᠣᠯᠵᠤ ᠮᠡᠳᠡᠵᠡᠢ᠃2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠨᠢ ᠵᠢᠷᠦᠬᠡ ᠴᠢᠰᠤᠨ | ᠰᠤᠳᠠᠯ ᠤᠨ ᠡᠪᠡᠳᠴᠢᠨ ᠤ ᠪᠠᠶᠢᠩᠭᠤ ᠲᠣᠬᠢᠶᠠᠯᠳᠤᠳᠠᠭ ᠬᠠᠪᠰᠤᠷᠤᠬᠰᠠᠨ ᠡᠪᠡᠳᠴᠢᠨ ᠪᠤᠯᠬᠤ ᠪᠥᠭᠡᠳ ᠪᠠᠰᠠ ᠵᠢᠷᠦᠬᠡ | ᠴᠢᠰᠤᠨ ᠰᠤᠳᠠᠯ ᠤᠨ ᠡᠪᠡᠳᠴᠢᠨ ᠤ ᠨᠢᠭᠡᠨᠲᠡ ᠲᠣᠭᠲᠠᠭᠠᠭᠰᠠᠨ ᠠᠶᠤᠯᠲᠠᠢ ᠬᠦᠴᠦᠨ ᠵᠦᠢᠯ ᠪᠣᠯᠣᠨ᠎ᠠ᠃ᠲᠦᠷᠦᠬᠦᠦ | ᠪᠠᠷ ᠰᠤᠳᠤᠯᠤᠭᠠᠴᠢᠳ ᠲᠠᠷᠢᠬᠢᠨ ᠤ ᠴᠢᠰᠤᠨ ᠰᠤᠳᠠᠯ ᠤᠨ 43 ᠲᠥᠷᠥᠯ ᠤᠨ ᠡᠪᠡᠳᠴᠢᠨ ᠤ ᠰᠤᠳᠤᠯᠭᠠᠨ ᠪᠠ 23 | ᠲᠥᠷᠥᠯ ᠤᠨ ᠰᠢᠬᠢᠷ ᠰᠢᠵᠢᠩ ᠡᠪᠡᠳᠴᠢᠨ ᠤ ᠰᠤᠳᠤᠯᠭᠠᠨ ᠳᠤ ᠵᠠᠳᠠᠯᠤᠯᠲᠠ ᠬᠢᠵᠦ᠂ ᠡᠳᠦᠷ ᠪᠦᠷᠢ 50 ᠭᠷᠡᠮ | ᠡᠳ᠋ᠰᠢᠭᠦᠯᠦᠨ ᠪᠣᠯᠪᠠᠰᠤᠷᠠᠭᠤᠯᠤᠭᠰᠠᠨ ᠤᠯᠠᠭᠠᠨ ᠢᠳᠡᠭᠡ ᠪᠣᠯᠣᠨ 100 ᠭᠷᠡᠮ ᠡᠳ᠋ᠰᠢᠭᠦᠯᠦᠨ ᠪᠣᠯᠪᠠᠰᠤᠷᠠᠭᠤᠯᠤᠭᠠᠳᠤᠢ | ᠤᠯᠠᠭᠠᠨ ᠢᠳᠡᠭᠡ ᠬᠢᠭᠡᠳ ᠵᠢᠷᠦᠬᠡ ᠰᠤᠳᠠᠰᠤᠨ ᠤ ᠡᠪᠡᠳᠴᠢᠨ ᠪᠣᠯᠣᠨ ᠰᠢᠬᠢᠷ ᠰᠢᠵᠢᠩ ᠡᠪᠡᠳᠴᠢᠨ ᠤ | ᠬᠤᠭᠤᠷᠤᠨᠳᠤᠬᠢ ᠬᠠᠷᠢᠴᠠᠭ᠎ᠠ ᠬᠤᠯᠪᠤᠭ᠎ᠠ ᠶᠢ ᠵᠠᠳᠠᠯᠤᠨ ᠰᠤᠳᠤᠯᠵᠠᠢ᠃ᠰᠤᠳᠤᠯᠭᠠᠨ ᠢᠶᠠᠷ ᠣᠯᠵᠤ ᠮᠡᠳᠡᠭᠰᠡᠨ ᠨᠢ᠂ | ᠡᠳ᠋ᠰᠢᠭᠦᠯᠦᠨ ᠪᠣᠯᠪᠠᠰᠤᠷᠠᠭᠤᠯᠤᠭᠰᠠᠨ ᠪᠤᠶᠤ ᠡᠳ᠋ᠰᠢᠭᠦᠯᠦᠨ ᠪᠣᠯᠪᠠᠰᠤᠷᠠᠭᠤᠯᠤᠭᠠᠳᠤᠢ ᠤᠯᠠᠭᠠᠨ ᠢᠳᠡᠭᠡ ᠶᠢ ᠶᠡᠭᠡ | ᠬᠡᠮᠵᠢᠶ᠎ᠡ ᠢᠳᠡᠬᠦ ᠨᠢ ᠵᠢᠷᠦᠬᠡ ᠰᠤᠳᠠᠰᠤᠨ ᠤ ᠡᠪᠡᠳᠴᠢᠨ ᠪᠣᠯᠣᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ | ᠲᠦᠭᠰᠢᠭᠦᠷᠢ ᠶᠢ ᠨᠡᠮᠡᠭᠳᠡᠭᠦᠯᠳᠡᠭ᠃ ᠡᠳᠦᠷ ᠪᠦᠷᠢ 50 ᠭᠷᠡᠮ ᠡᠳ᠋ᠰᠢᠭᠦᠯᠦᠨ ᠪᠣᠯᠪᠠᠰᠤᠷᠠᠭᠤᠯᠤᠭᠰᠠᠨ ᠤᠯᠠᠭᠠᠨ ᠢᠳᠡᠭᠡ | ᠢᠯᠡᠭᠦᠦ ᠢᠳᠡᠪᠡᠯ ᠵᠢᠷᠦᠬᠡ ᠰᠤᠳᠠᠰᠤᠨ ᠤ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ 26% ᠪᠠᠷ | ᠨᠡᠮᠡᠭᠳᠡᠭᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ 44% ᠪᠠᠷ ᠨᠡᠮᠡᠭᠳᠡᠭᠦᠯᠳᠡᠭ᠃ | ᠡᠳᠦᠷ ᠪᠦᠷᠢ 100 ᠭᠷᠡᠮ ᠤᠯᠠᠭᠠᠨ ᠢᠳᠡᠭᠡ ᠢᠯᠡᠭᠦᠦ ᠢᠳᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠳᠤ | ᠨᠡᠷᠪᠡᠭᠳᠡᠬᠦ ᠠᠶᠤᠯ ᠲᠦᠭᠰᠢᠭᠦᠷᠢ ᠶᠢ 11% ᠪᠠᠷ ᠨᠡᠮᠡᠭᠳᠡᠭᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ | ᠲᠦᠭᠰᠢᠭᠦᠷᠢ ᠶᠢ 27 % ᠪᠠᠷ ᠨᠡᠮᠡᠭᠳᠡᠭᠦᠯᠳᠡᠭ ᠪᠠᠶᠢᠨ᠎ᠠ᠃ |