︽ᠴᠢᠬᠢᠭ ᠤᠨ ᠤᠯᠠᠭᠠᠨ ᠬᠤᠷᠣᠬᠠᠢ ᠡᠬᠢᠯᠡᠵᠦ ᠲᠡᠵᠢᠭᠡᠭᠰᠡᠨ ᠨᠢ ᠵᠦᠪᠬᠡᠨ ᠮᠢᠬᠠᠨ ᠤ ᠦᠬᠡᠷ ᠤᠨ ᠮᠠᠯᠵᠢᠯ ᠤᠨ | ᠲᠠᠯᠠᠪᠠᠢ ᠶᠢᠨ ᠦᠬᠡᠷ ᠤᠨ ᠪᠠᠭᠠᠰᠤ ᠶᠢ ᠰᠢᠢᠳᠪᠦᠷᠢᠯᠡᠬᠦ ᠶᠢᠨ ᠲᠥᠯᠥᠭᠡ ᠶᠤᠮ᠂ ᠰᠠᠨᠠᠭᠠᠨ ᠠᠴᠠ ᠭᠠᠳᠠᠭᠤᠷ ᠦᠬᠡᠷ ᠤᠨ | ᠪᠠᠭᠠᠰᠤ ᠶᠢ ᠰᠢᠢᠳᠪᠦᠷᠢᠯᠡᠭᠰᠡᠨ ᠮᠥᠷᠲᠡᠭᠡᠨ ᠪᠠᠰᠠ ᠨᠢᠭᠡᠨ ᠠᠮᠢ ᠠᠬᠤᠢ ᠶᠢᠨ ᠴᠢᠨᠡᠭᠡᠯᠢᠭᠵᠢᠯ ᠤᠨ ᠵᠠᠮ ᠢ | ᠰᠦᠪᠡᠭᠴᠢᠯᠡᠨ ᠭᠠᠷᠭᠠᠵᠠᠢ︾ ᠭᠡᠵᠦ ᠥᠪᠥᠷ ᠮᠣᠩᠭᠤᠯ ᠤᠨ ᠵᠢᠦᠢ ᡁᠢ ᠶᠤᠸᠠᠨ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠳᠠᠭᠠᠭᠠᠮᠠᠯ ᠱᠧᠨ ᠳ᠋ᠤᠩ ᠹᠠᠩ ᠴᠢᠬᠢᠭ ᠤᠨ ᠤᠯᠠᠭᠠᠨ | ᠬᠤᠷᠣᠬᠠᠢ ᠲᠡᠵᠢᠭᠡᠬᠦ ᠫᠧᠩ ᠤᠨ ᠳᠣᠲᠣᠷ᠎ᠠ ᠪᠠᠨ ᠵᠣᠭᠰᠣᠨ ᠰᠤᠷᠪᠤᠯᠵᠢᠯᠠᠭᠴᠢ ᠳᠤ ᠲᠠᠨᠢᠯᠴᠠᠭᠤᠯᠤᠨ᠎ᠠ᠃ | ᠣᠶᠢᠷ᠎ᠠ ᠳᠤ᠂ ᠲᠤᠰ ᠺᠤᠮᠫᠠᠨᠢ ᠶᠢᠨ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠴᠢᠭᠢᠭ ᠤᠨ ᠤᠯᠠᠭᠠᠨ | ᠬᠤᠷᠣᠬᠠᠢ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠪᠠ ᠣᠷᠭᠠᠨᠢᠭ ᠬᠠᠶᠠᠭᠳᠠᠮᠠᠯ ᠪᠣᠳᠠᠰ ᠢ ᠰᠢᠢᠳᠪᠦᠷᠢᠯᠡᠬᠦ | ᠠᠮᠢ ᠠᠬᠤᠢ ᠶᠢᠨ ᠣᠷᠴᠢᠯ ᠬᠥᠭᠵᠢᠯᠲᠡ ᠶᠢᠨ ᠲᠠᠷᠢᠶᠠᠯᠠᠩ ᠤᠨ ᠲᠥᠷᠥᠯ ᠵᠦᠢᠯ ᠰᠢᠯᠢ ᠶᠢᠨ ᠬᠤᠳᠠ ᠶᠢᠨ ᠮᠣᠳᠣᠨ | ᠮᠠᠯᠵᠢᠯ ᠤᠨ ᠲᠠᠯᠠᠪᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠬᠦᠯᠬᠦ ᠲᠣᠭᠤᠷᠢᠭ ᠲᠤ | ᠡᠬᠢᠯᠡᠨ ᠶᠠᠪᠤᠭᠳᠠᠵᠤ᠂ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠠᠮᠢᠳᠤ ᠪᠣᠳᠠᠰ ᠤᠨ ᠣᠷᠭᠠᠨᠢᠭ | ᠪᠣᠷᠳᠣᠭᠤᠷ ᠦᠢᠯᠡᠳᠪᠦᠷᠢᠯᠡᠬᠦ ᠲᠠᠰᠤᠭ᠂ ᠴᠢᠭᠢᠭ ᠤᠨ ᠤᠯᠠᠭᠠᠨ ᠬᠤᠷᠣᠬᠠᠢ ᠶᠢᠨ ᠤᠭᠤᠷᠠᠭᠲᠤ ᠪᠣᠷᠳᠤᠭ᠎ᠠ | ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠪᠣᠯᠣᠨ ᠴᠢᠬᠢᠭ ᠤᠨ ᠤᠯᠠᠭᠠᠨ ᠬᠤᠷᠣᠬᠠᠢ ᠶᠢᠨ ᠢᠰᠬᠡᠭᠦᠷ | ᠭᠠᠷᠭᠠᠨ ᠠᠪᠬᠤ ᠮᠡᠷᠭᠡᠵᠢᠯ ᠤᠨ ᠲᠤᠷᠰᠢᠯᠲᠠ ᠶᠢᠨ ᠲᠠᠰᠤᠭ ᠵᠡᠷᠭᠡ ᠶᠢ ᠵᠠᠯᠭᠠᠪᠡᠷ ᠪᠦᠲᠦᠭᠡᠨ ᠪᠠᠶᠢᠭᠤᠯᠬᠤ ᠪᠣᠯᠣᠨ᠎ᠠ᠃ | ᠲᠦᠷᠦᠯ ᠵᠦᠢᠯ ᠨᠢ ᠴᠢᠬᠢᠭ ᠤᠨ ᠤᠯᠠᠭᠠᠨ ᠬᠤᠷᠣᠬᠠᠢ ᠶᠢ ᠬᠡᠪᠴᠢᠶᠡᠵᠢᠭᠦᠯᠦᠨ ᠲᠡᠵᠢᠭᠡᠬᠦ᠂ ᠴᠢᠬᠢᠭ ᠤᠨ ᠤᠯᠠᠭᠠᠨ | ᠬᠤᠷᠣᠬᠠᠢ ᠶᠢᠨ ᠪᠣᠷᠳᠣᠭᠤᠷ ᠣᠪᠣᠭᠠᠯᠠᠬᠤ ᠮᠡᠷᠭᠡᠵᠢᠯ ᠤᠨ ᠲᠣᠭᠤᠷᠢᠨ ᠳᠤ ᠦᠬᠡᠷ ᠤᠨ ᠪᠠᠭᠠᠰᠤ ᠶᠢ ᠡᠬᠢ | ᠪᠠᠶᠠᠯᠢᠭᠵᠢᠭᠤᠯᠬᠤ ᠪᠣᠯᠣᠨ ᠬᠤᠣᠷ ᠦᠭᠡᠶᠢᠳᠡᠭᠦᠯᠦᠨ ᠰᠢᠢᠳᠪᠦᠷᠢᠯᠡᠬᠦ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠠᠵᠤ | ᠦᠢᠯᠡᠰ ᠤᠨ ᠬᠡᠯᠬᠢᠶᠡᠵᠢᠯ ᠢ ᠪᠠᠶᠢᠭᠤᠯᠤᠭᠰᠠᠨ ᠪᠠᠶᠢᠨ᠎ᠠ᠃ | ᠡᠨᠡ ᠵᠢᠯ ᠤᠨ ᠰᠡᠭᠦᠯᠴᠢ ᠳᠤ᠂ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ | 48 ᠰᠠᠭᠤᠷᠢ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠫᠧᠩ ᠪᠠᠶᠢᠭᠤᠯᠵᠤ᠂ ᠵᠢᠯ ᠪᠦᠷᠢ 1.4 ᠲᠦᠮᠡᠨ ᠲᠤᠨ | ᠦᠬᠡᠷ ᠤᠨ ᠪᠠᠭᠠᠰᠤ ᠰᠢᠢᠳᠪᠦᠷᠢᠯᠡᠵᠦ᠂ ᠵᠢᠯ ᠪᠦᠷᠢ 100 ᠲᠤᠨ ᠴᠢᠬᠢᠭ ᠤᠨ ᠤᠯᠠᠭᠠᠨ ᠬᠤᠷᠣᠬᠠᠢ᠂ 2 ᠲᠦᠮᠡᠨ | ᠲᠤᠨ ᠣᠷᠭᠠᠨᠢᠭ ᠪᠣᠷᠳᠣᠭᠤᠷ ᠦᠢᠯᠡᠳᠪᠦᠷᠢᠯᠡᠵᠦ᠂ ᠣᠷᠭᠠᠨᠢᠭ ᠪᠣᠷᠳᠣᠭᠤᠷ ᠤᠨ ᠪᠣᠷᠤᠯᠠᠭᠤᠯᠭ᠎ᠠ ᠶᠢᠨ ᠤᠷᠤᠯᠭ᠎ᠠ ᠨᠢ | 1550 ᠲᠦᠮᠡᠨ ᠲᠥᠭᠦᠷᠢᠭ ᠲᠤ ᠬᠦᠷᠬᠦ ᠪᠣᠯᠣᠨ᠎ᠠ᠃ | ᠲᠤᠰ ᠲᠦᠷᠦᠯ ᠵᠦᠢᠯ ᠤᠨ ᠬᠡᠷᠡᠭᠵᠢᠭᠦᠯᠦᠭᠳᠡᠭᠰᠡᠨ ᠨᠢ ᠰᠢᠯᠢ ᠶᠢᠨ ᠭᠤᠣᠯ ᠠᠶᠢᠮᠠᠭ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠤ᠂ ᠡᠯ᠎ᠡ ᠲᠠᠯ᠎ᠠ ᠶᠢᠨ ᠬᠠᠮᠵᠢᠯᠴᠠᠭᠠᠨ ᠳᠤ ᠲᠠᠪᠴᠠᠩ | ᠬᠠᠩᠭᠠᠵᠤ᠂ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠬᠦᠷᠢᠶᠡᠯᠡᠩ ᠪᠣᠯᠣᠨ ᠠᠵᠤ ᠠᠬᠤᠶᠢᠯᠠᠯ ᠤᠨ | ᠬᠠᠮᠵᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢ ᠦᠨᠡᠨ ᠪᠣᠳᠠᠲᠠᠢ ᠠᠵᠤ ᠦᠢᠯᠡᠰ ᠤᠨ ᠬᠥᠭᠵᠢᠯᠲᠡ ᠪᠣᠯᠭᠠᠨ ᠬᠤᠪᠢᠷᠠᠭᠤᠯᠵᠤ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ ᠣᠯᠭᠤᠭᠰᠠᠨ ᠪᠠᠶᠢᠨ᠎ᠠ᠃ | ᠴᠢᠭᠢᠭ ᠤᠨ ᠤᠯᠠᠭᠠᠨ ᠬᠤᠷᠣᠬᠠᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠰᠤᠷᠪᠤᠯᠵᠢᠯᠠᠭᠴᠢ | ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠬᠠᠩᠭᠠᠵᠤ ᠪᠠᠶᠢᠭᠰᠠᠨ ᠱᠠᠩᠬᠠᠢ ᠶᠢᠨ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠶᠢᠨ ᠲᠠᠷᠢᠶᠠᠯᠠᠩ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ᠂ ᠴᠢᠭᠢᠭ ᠤᠨ ᠤᠯᠠᠭᠠᠨ ᠬᠤᠷᠣᠬᠠᠢ ᠶᠢᠨ | ᠠᠮᠢᠳᠤ ᠪᠣᠳᠠᠰ ᠤᠨ ᠮᠡᠷᠭᠡᠵᠢᠯ ᠪᠠ ᠬᠥᠷᠥᠰᠥ ᠰᠢᠷᠣᠢ ᠶᠢᠨ ᠠᠮᠢ ᠠᠬᠤᠢ ᠶᠢᠨ ᠰᠤᠳᠤᠯᠭᠠᠨ ᠤ ᠪᠦᠯᠬᠦᠮ ᠤᠨ | ᠬᠠᠷᠢᠭᠤᠴᠠᠯᠭᠠᠲᠠᠨ ᠯᠢ ᠶᠢᠨ ᠱᠧᠩ ᠨᠠᠷ ᠲᠠᠢ ᠠᠭᠤᠯᠵᠠᠪᠠ᠃ ︽ᠦᠬᠡᠷ ᠤᠨ ᠪᠠᠭᠠᠰᠤᠨ ᠳᠤ ᠲᠡᠵᠢᠭᠡᠵᠦ | ᠦᠷᠡᠵᠢᠭᠦᠯᠦᠭᠰᠡᠨ ᠴᠢᠬᠢᠭ ᠤᠨ ᠤᠯᠠᠭᠠᠨ ᠬᠤᠷᠣᠬᠠᠢ ᠨᠢ ᠠᠮᠢᠳᠠᠨ ᠳᠤ ᠮᠠᠰᠢ ᠰᠠᠶᠢᠨ ᠪᠣᠷᠳᠤᠭ᠎ᠠ ᠪᠤᠯᠬᠤ ᠪᠥᠭᠡᠳ | ᠴᠢᠬᠢᠭ ᠤᠨ ᠤᠯᠠᠭᠠᠨ ᠬᠤᠷᠣᠬᠠᠢ ᠶᠢᠨ ᠢᠰᠬᠡᠭᠦᠷ ᠭᠠᠷᠭᠠᠨ ᠠᠪᠴᠤ᠂ ᠡᠮ ᠡᠮᠨᠡᠯᠬᠡ ᠶᠢᠨ ᠬᠦᠷᠢᠶ᠎ᠡ ᠬᠡᠪᠴᠢᠶᠡᠨ ᠳᠤ | ᠴᠤ ᠬᠡᠷᠡᠭᠯᠡᠵᠦ ᠪᠣᠯᠣᠨ᠎ᠠ᠃ ᠴᠢᠬᠢᠭ ᠤᠨ ᠤᠯᠠᠭᠠᠨ ᠬᠤᠷᠣᠬᠠᠢ ᠶᠢᠨ ᠰᠢᠢᠳᠪᠦᠷᠢᠯᠡᠭᠰᠡᠨ ᠦᠬᠡᠷ ᠤᠨ ᠪᠠᠭᠠᠰᠤ ᠨᠢ | ᠬᠠᠮᠤᠭ ᠤᠨ ᠰᠠᠶᠢᠨ ᠣᠷᠭᠠᠨᠢᠭ ᠪᠣᠷᠳᠣᠭᠤᠷ ᠪᠠᠶᠢᠵᠤ᠂ ᠡᠩ ᠤᠨ ᠣᠷᠭᠠᠨᠢᠭ ᠪᠣᠷᠳᠣᠭᠤᠷ ᠠᠴᠠ ᠦᠢᠯᠡᠳᠦᠯ ᠨᠢ | ᠥᠨᠳᠥᠷ᠂ ᠠᠮᠢ ᠠᠬᠤᠢ ᠶᠢᠨ ᠰᠡᠷᠭᠦᠭᠡᠯᠲᠡ ᠪᠣᠯᠣᠨ ᠡᠮ ᠳᠤ ᠣᠷᠣᠬᠤ ᠮᠠᠲ᠋ᠧᠷᠢᠶᠠᠯ ᠵᠡᠷᠭᠡ ᠥᠨᠳᠥᠷ ᠥᠷᠲᠡᠭ ᠲᠠᠢ | ᠠᠵᠤ ᠠᠬᠤᠢ ᠶᠢᠨ ᠲᠠᠷᠢᠮᠠᠯ ᠢ ᠳᠠᠷᠢᠬᠤ ᠳᠤ ᠬᠡᠷᠡᠭᠯᠡᠵᠦ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠠᠮᠢᠳᠤ ᠪᠣᠳᠠᠰ ᠤᠨ | ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠦᠢᠯᠡᠳᠦᠯ ᠲᠠᠢ᠃ ᠴᠢᠬᠢᠭ ᠤᠨ ᠤᠯᠠᠭᠠᠨ ᠬᠤᠷᠣᠬᠠᠢ ᠶᠢᠨ ᠤᠯᠠᠷᠢᠭᠤᠯᠬᠤ | ᠠᠰᠢᠭᠯᠠᠮᠵᠢ ᠥᠨᠳᠥᠷ᠂ ᠡᠳᠦᠷ ᠪᠣᠯᠭᠠᠨ ᠥᠪᠡᠷ ᠤᠨ ᠪᠡᠶ᠎ᠡ ᠶᠢᠨ ᠬᠦᠨᠳᠦ ᠶᠢᠨ ᠢᠶᠠᠨ 1 — 1.7 ᠲᠠᠬᠢᠨ ᠣᠷᠭᠠᠨᠢᠭ | ᠬᠠᠶᠠᠭᠳᠠᠮᠠᠯ ᠪᠣᠳᠠᠰ ᠢ ᠵᠠᠷᠤᠴᠠᠭᠤᠯᠵᠤ᠂ ᠨᠢᠭᠡ ᠮᠦ ᠭᠠᠵᠠᠷ ᠤᠨ ᠴᠢᠬᠢᠭ ᠤᠨ ᠤᠯᠠᠭᠠᠨ ᠬᠤᠷᠣᠬᠠᠢ ᠵᠢᠯ ᠳᠤ 300 | ᠲᠤᠨ ᠦᠬᠡᠷ ᠤᠨ ᠪᠠᠭᠠᠰᠤ ᠶᠢ ᠵᠠᠷᠤᠴᠠᠭᠤᠯᠵᠤ᠂ ᠨᠢᠭᠡ ᠲᠤᠨ ᠦᠬᠡᠷ ᠤᠨ ᠪᠠᠭᠠᠰᠤ ᠠᠴᠠ 60 — 70 ᠺᠢᠯᠦᠭᠷᠠᠮ | ᠴᠢᠬᠢᠭ ᠤᠨ ᠤᠯᠠᠭᠠᠨ ᠬᠤᠷᠣᠬᠠᠢ᠂ 300 — 500 ᠺᠢᠯᠦᠭᠷᠠᠮ ᠴᠢᠬᠢᠭ ᠤᠨ ᠤᠯᠠᠭᠠᠨ ᠬᠤᠷᠣᠬᠠᠢ ᠶᠢᠨ ᠢᠯᠭᠠᠳᠠᠰᠤ | ᠭᠠᠷᠳᠠᠭ︾ ᠭᠡᠵᠦ ᠯᠢ ᠶᠢᠨ ᠱᠣᠩ ᠲᠠᠶᠢᠯᠪᠤᠷᠢᠯᠠᠨ ᠶᠠᠷᠢᠨ᠎ᠠ᠃ | 2024 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠲᠠᠷᠢᠶᠠᠯᠠᠩ ᠬᠥᠳᠡᠭᠡ | ᠲᠣᠰᠬᠤᠨ ᠤ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ | ᠬᠥᠳᠡᠭᠡ ᠲᠣᠰᠬᠤᠨ ᠤ ᠮᠠᠯ ᠲᠡᠵᠢᠭᠡᠪᠦᠷᠢ ᠶᠢᠨ ᠪᠠᠭᠠᠰᠤ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠭᠠᠨᠢᠭ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠢᠢᠳᠪᠦᠷᠢᠯᠡᠵᠦ ᠠᠰᠢᠭᠯᠠᠬᠤ ᠶᠢ ᠬᠠᠮᠵᠢᠯᠴᠠᠨ ᠠᠬᠢᠭᠤᠯᠵᠤ᠂ ᠲᠠᠷᠢᠵᠤ | ᠲᠡᠵᠢᠭᠡᠬᠦ ᠣᠷᠴᠢᠯ ᠵᠠᠭᠪᠤᠷ ᠢ ᠳᠡᠯᠭᠡᠷᠡᠭᠦᠯᠬᠦ ᠬᠡᠷᠡᠭᠲᠡᠢ︾ ᠭᠡᠵᠦ ᠳᠤᠷᠠᠳᠤᠨ ᠭᠠᠷᠭᠠᠭᠰᠠᠨ ᠪᠠᠶᠢᠨ᠎ᠠ᠃ ︽ᠮᠠᠨ ᠤ | ᠺᠤᠮᠫᠠᠨᠢ ᠨᠢ ᠴᠢᠭᠢᠭ ᠤᠨ ᠤᠯᠠᠭᠠᠨ ᠬᠤᠷᠣᠬᠠᠢ ᠲᠡᠵᠢᠭᠡᠭᠡᠳ ᠬᠡᠳᠦᠨ ᠵᠢᠯ ᠪᠣᠯᠵᠤ᠂ ᠨᠡᠯᠢᠶᠡᠳ ᠰᠠᠶᠢᠨ ᠠᠷᠠᠴᠢᠯᠠᠨ | ᠲᠡᠵᠢᠭᠡᠬᠦ ᠲᠤᠷᠰᠢᠯᠭ᠎ᠠ ᠶᠢ ᠬᠤᠷᠠᠮᠳᠤᠭᠤᠯᠪᠠ᠃ ᠤᠳᠤ ᠲᠦᠷᠦ ᠶᠢᠨ ᠪᠣᠳᠣᠯᠭ᠎ᠠ ᠪᠠᠰᠠ ᠲᠡᠵᠢᠭᠡᠨ ᠠᠷᠠᠴᠢᠯᠠᠬᠤ ᠣᠷᠴᠢᠯ | ᠠᠵᠤ ᠦᠢᠯᠡᠰ ᠤᠨ ᠵᠠᠭᠪᠤᠷ ᠢ ᠤᠷᠢᠶᠠᠯᠠᠵᠤ ᠪᠠᠶᠢᠬᠤ ᠪᠣᠯᠬᠤᠷ᠂ ᠪᠢᠳᠡ ᠪᠠᠰᠠ ᠯᠢ ᠶᠢᠨ ᠱᠸᠡᠭ ᠫᠷᠤᠹᠰᠰᠤᠷ ᠤᠨ | ᠳᠤᠭᠤᠶᠢᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠳᠤ ᠲᠦᠰᠢᠭᠯᠡᠨ᠂ ᠴᠢᠬᠢᠭ ᠤᠨ ᠤᠯᠠᠭᠠᠨ | ᠬᠤᠷᠣᠬᠠᠢ ᠶᠢᠨ ᠪᠣᠷᠳᠣᠭᠤᠷ ᠦᠢᠯᠡᠳᠪᠦᠷᠢᠯᠡᠭᠰᠡᠨ ᠰᠠᠭᠤᠷᠢᠨ ᠳᠡᠭᠡᠷ᠎ᠡ ᠴᠢᠬᠢᠭ ᠤᠨ ᠤᠯᠠᠭᠠᠨ ᠬᠤᠷᠣᠬᠠᠢ ᠶᠢᠨ ᠰᠢᠷᠢᠰ | ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠵᠤ᠂ ᠬᠥᠳᠡᠭᠡ ᠲᠤᠰᠬᠤᠨ ᠤ ᠬᠠᠶᠠᠭᠳᠠᠮᠠᠯ | ᠪᠣᠳᠠᠰ ᠢ ᠡᠷᠳᠡᠨᠢ ᠪᠤᠯᠭᠠᠵᠤ᠂ ᠴᠢᠬᠢᠭ ᠤᠨ ᠤᠯᠠᠭᠠᠨ ᠬᠤᠷᠣᠬᠠᠢ ᠪᠠᠷ ᠲᠠᠮᠵᠢᠨ ᠬᠠᠶᠠᠭᠳᠠᠮᠠᠯ ᠪᠣᠳᠠᠰ ᠢ | ᠤᠷᠴᠢᠯᠳᠤᠭᠤᠯᠤᠨ ᠠᠰᠢᠭᠯᠠᠬᠤ ᠰᠢᠰᠲ᠋ᠤᠮ ᠢ ᠲᠡᠭᠦᠯᠳᠡᠷᠵᠢᠭᠦᠯᠵᠦ᠂ ᠴᠢᠨᠡᠭᠡᠯᠢᠭᠵᠢᠯ ᠤᠨ ᠵᠠᠮ ᠢ ᠨᠡᠭᠡᠭᠡᠭᠰᠡᠨ ᠪᠠᠶᠢᠨ᠎ᠠ︾ | ᠭᠡᠵᠦ ᠱᠧᠨ ᠳ᠋ᠤᠩ ᠹᠠᠩ ᠰᠤᠷᠪᠤᠯᠵᠢᠯᠠᠭᠴᠢ ᠳᠤ ᠶᠠᠷᠢᠨ᠎ᠠ᠃ |