ᠡᠨᠡ ᠵᠢᠯ ᠠᠴᠠ ᠨᠠᠭᠠᠰᠢ᠂ ᠪᠦᠬᠦ ᠠᠶᠢᠮᠠᠭ ᠤᠨ ᠡᠯ᠎ᠡ ᠱᠠᠲᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠰᠥᠪᠯᠡᠬᠦ ᠠᠵᠢᠯᠯᠠᠭ᠎ᠠ᠂ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠪᠥᠬᠦ ᠠᠶᠢᠮᠠᠭ ᠤᠨ ᠭᠤᠣᠯᠳᠠᠯᠭ᠎ᠠ ᠲᠠᠢ | ᠲᠥᠷᠥᠯ ᠵᠦᠢᠯ᠂ ᠴᠢᠬᠤᠯᠠ ᠶᠡᠭᠡ ᠲᠥᠷᠥᠯ ᠵᠦᠢᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠢ | ᠪᠥᠭᠡᠳ ᠰᠠᠨᠠᠭᠠᠴᠢᠯᠠᠭ᠎ᠠ ᠠᠴᠠ ᠪᠠᠨ ᠡᠵᠡᠮᠰᠢᠵᠦ᠂ ᠡᠯ᠎ᠡ ᠲᠥᠷᠥᠯ ᠤᠨ ᠭᠤᠣᠯᠳᠠᠯᠭ᠎ᠠ ᠲᠠᠢ ᠬᠥᠮᠥᠰ ᠤᠨ ᠠᠵᠢᠯ | ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ ᠠᠵᠢᠯ ᠣᠯᠭᠤᠯᠲᠠ ᠶᠢ ᠠᠬᠢᠭᠤᠯᠬᠤ ᠰᠢᠷᠢᠰ | ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠬᠤ ᠠᠵᠢᠯ ᠢ ᠰᠠᠶᠢᠲᠤᠷ | ᠬᠢᠪᠡ᠃ | ᠰᠢᠯᠢ ᠶᠢᠨ ᠭᠤᠣᠯ ᠠᠶᠢᠮᠠᠭ ᠤᠨ 2025 ᠣᠨ ᠤ ᠬᠠᠪᠤᠷ ᠤᠨ ᠤᠯᠠᠷᠢᠯ ᠤᠨ ᠲᠣᠮᠣ ᠬᠡᠯᠪᠡᠷᠢ ᠶᠢᠨ ᠠᠵᠢᠯᠲᠠᠨ ᠡᠯᠰᠡᠬᠦ | ᠴᠤᠭᠯᠠᠭᠠᠨ ᠤ ᠲᠤᠬᠠᠢ ᠶᠢᠨ ᠲᠠᠯᠠᠪᠠᠶ ᠳᠤ 186 ᠠᠵᠤ ᠠᠬᠤᠶᠢᠯᠠᠯ 3000 ᠰᠢᠬᠠᠮ ᠠᠵᠢᠯ ᠤᠨ ᠪᠠᠶᠢᠷᠢ ᠬᠠᠩᠭᠠᠭᠰᠠᠨ | ᠪᠠᠶᠢᠨ᠎ᠠ᠃ ︽ᠠᠵᠢᠯᠲᠠᠨ ᠡᠯᠰᠡᠬᠦ ᠠᠵᠢᠯ ᠤᠨ ᠪᠠᠶᠢᠷᠢ ᠲᠤᠶᠢᠯ ᠤᠨ ᠣᠯᠠᠨ ᠪᠠᠶᠢᠵᠤ᠂ ᠲᠡᠭᠦᠨ ᠤ ᠳᠣᠲᠣᠷᠠᠬᠢ ᠮᠠᠰᠢ ᠣᠯᠠᠨ | ᠠᠵᠢᠯ ᠤᠨ ᠪᠠᠶᠢᠷᠢ ᠨᠢ ᠮᠢᠨᠤ ᠬᠦᠰᠡᠯ ᠵᠣᠷᠢᠯᠲᠠ ᠲᠠᠢ ᠨᠡᠶᠢᠴᠡᠵᠦ ᠪᠠᠶᠢᠨ᠎ᠠ᠂ ᠪᠢ ᠲᠤᠰ ᠤᠳᠠᠭ᠎ᠠ ᠬᠤᠯᠪᠣᠭᠳᠠᠯ ᠪᠦᠬᠦᠢ ᠠᠵᠤ | ᠠᠬᠤᠶᠢᠯᠠᠯ ᠳᠤ ᠥᠪᠡᠷ ᠤᠨ ᠢᠶᠠᠨ ᠲᠣᠪᠴᠢ ᠨᠠᠮᠲᠠᠷ ᠢ 3 ᠬᠤᠪᠢ ᠳᠡᠪᠰᠢᠭᠦᠯᠵᠡᠢ᠂ ᠮᠥᠷᠥᠭᠡᠳᠴᠦ ᠪᠠᠭ᠋ᠠᠷᠬᠠᠳᠠᠭ ᠠᠵᠤ | ᠠᠬᠤᠶᠢᠯᠠᠯ ᠳᠠᠭᠠᠨ ᠬᠦᠷᠴᠦ ᠠᠵᠢᠯᠯᠠᠬᠤ ᠶᠢ ᠬᠦᠰᠡᠵᠦ ᠪᠠᠶᠢᠨ᠎ᠠ︾ ᠭᠡᠵᠦ ᠶᠡᠭᠡ ᠰᠤᠷᠭᠠᠭᠤᠯᠢ ᠪᠠᠨ ᠰᠠᠶ᠋ᠢᠬᠠᠨ ᠲᠡᠭᠦᠰᠬᠡᠭᠰᠡᠨ | ᠣᠶᠤᠲᠠᠨ ᠯᠢᠦ ᠵᠢᠶᠠ ᠬᠡᠯᠡᠪᠡ᠃ | ᠠᠵᠢᠯ ᠡᠷᠢᠭᠰᠡᠳ ᠤᠨ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ ᠪᠥᠬᠦ ᠠᠶᠢᠮᠠᠭ ᠤᠨ | ᠡᠯ᠎ᠡ ᠱᠠᠲᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠳ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ | ᠰᠡᠷᠭᠦᠭᠡᠬᠦ᠂ ᠮᠠᠯᠴᠢᠨ ᠲᠠᠷᠢᠶᠠᠴᠢᠨ ᠤ ᠠᠵᠢᠯ ᠤᠨ ᠪᠠᠶᠢᠷᠢ ᠳᠠᠭᠠᠨ ᠪᠤᠴᠠᠬᠤ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ | ᠠᠳᠬᠤᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ ᠣᠯᠠᠨ ᠤᠳᠠᠭ᠎ᠠ | ᠡᠷᠭᠢᠯᠡᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠭᠠᠳᠠᠭᠰᠢ ᠭᠠᠷᠴᠤ ᠬᠥᠯᠥᠰᠦᠨ ᠠᠵᠢᠯ ᠬᠢᠭᠰᠡᠳ᠂ ᠴᠡᠷᠢᠭ ᠤᠨ | ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠲᠤ ᠬᠠᠨᠳᠤᠭᠤᠯᠤᠨ ᠨᠠᠷᠢᠯᠢᠭ ᠤᠨᠤᠪᠴᠢᠲᠠᠢ ᠠᠵᠢᠯ | ᠣᠯᠭᠤᠯᠲᠠ ᠶᠢᠨ ᠦᠢᠯᠡᠴᠢᠯᠡᠭᠡ ᠬᠠᠩᠭᠠᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠬᠢᠨ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠠᠵᠢᠯᠯᠠᠭ᠎ᠠ ᠶᠢ 56 ᠲᠠᠯᠠᠪᠤᠷ ᠤᠳᠠᠭ᠎ᠠ ᠵᠣᠬᠢᠶᠠᠨ ᠪᠠᠶᠢᠭᠤᠯᠵᠤ᠂ 1200 | ᠬᠥᠮᠥᠨ ᠠᠵᠢᠯ ᠣᠯᠬᠤ ᠰᠠᠨᠠᠮᠵᠢ ᠲᠣᠭᠲᠠᠪᠠ᠃ | ᠠᠵᠢᠯᠲᠠᠨ ᠡᠯᠰᠡᠬᠦ ᠠᠵᠢᠯᠯᠠᠭ᠎ᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠵᠤ᠂ ᠬᠥᠳᠡᠯᠮᠦᠷᠢᠴᠢᠳ ᠤᠨ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠶᠢᠨ | ᠬᠠᠮᠲᠤ ᠮᠠᠨ ᠤ ᠠᠶᠢᠮᠠᠭ ᠠᠵᠤ ᠠᠬᠤᠶᠢᠯᠠᠯ ᠳᠤ ᠭᠦᠨᠵᠡᠭᠡᠶᠢᠷᠡᠨ ᠠᠵᠢᠯ ᠤᠨ ᠪᠠᠶᠢᠷᠢ ᠶᠢᠨ ᠬᠡᠷᠡᠭᠴᠡᠭᠡ ᠶᠢ ᠣᠶᠢᠯᠠᠭᠠᠵᠤ᠂ | ︽ᠠᠵᠢᠯ ᠪᠠᠶᠢᠭᠠᠳ ᠬᠢᠬᠦ ᠬᠥᠮᠥᠨ ᠦᠭᠡᠢ︾ ᠠᠵᠢᠯ ᠤᠨ ᠪᠠᠶᠢᠷᠢ ᠶᠢᠨ ᠲᠣᠳᠣᠷᠬᠠᠢ ᠬᠠᠭᠤᠳᠠᠰᠤ᠂ ︽ᠬᠥᠮᠥᠨ ᠪᠠᠶᠢᠭᠠᠳ ᠬᠢᠬᠦ | ᠠᠵᠢᠯ ᠦᠭᠡᠢ︾ ᠠᠵᠢᠯᠲᠠᠨ ᠤ ᠲᠣᠳᠣᠷᠬᠠᠢ ᠬᠠᠭᠤᠳᠠᠰᠤ ᠪᠠ ︽ᠨᠢᠭᠡᠳ ᠨᠢᠭᠡ ᠪᠠᠷ ᠦᠢᠯᠡᠴᠢᠯᠡᠬᠦ︾ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠲᠣᠳᠣᠷᠬᠠᠢ ᠬᠠᠭᠤᠳᠠᠰᠤ ᠶᠢ | ᠪᠦᠲᠦᠮᠵᠢᠲᠡᠶ ᠪᠠᠶᠢᠭᠤᠯᠵᠠᠢ᠃ ᠵᠢᠯ ᠤᠨ ᠡᠬᠢᠨ ᠠᠴᠠ ᠨᠠᠭᠠᠰᠢ᠂ ᠪᠥᠬᠦ ᠠᠶᠢᠮᠠᠭ ᠤᠨ ᠡᠯ᠎ᠡ ᠱᠠᠲᠤᠨ ᠤ ᠠᠵᠢᠯ ᠣᠯᠭᠤᠯᠲᠠ ᠶᠢᠨ | ᠰᠠᠯᠠᠭ᠎ᠠ ᠮᠥᠴᠢᠷ ᠤᠳ ᠲᠤᠬᠠᠢ ᠶᠢᠨ ᠭᠠᠵᠠᠷ ᠲᠤᠨᠢ ᠭᠦᠨᠵᠡᠭᠡᠶᠢᠷᠡᠬᠦ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ | ᠵᠡᠷᠭᠡ ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤ᠂ ᠠᠭᠤᠷᠬᠠᠢ ᠮᠠᠯᠲᠠᠬᠤ ᠲᠡᠮᠦᠷᠯᠢᠭ | ᠪᠤᠯᠪᠠᠰᠤᠷᠠᠭᠤᠯᠬᠤ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠰᠠᠩ ᠬᠥᠮᠥᠷᠭᠡ ᠶᠢᠨ ᠪᠠᠷᠠᠭᠠᠨ ᠤ | ᠭᠦᠢᠯᠭᠡᠭᠡ ᠵᠡᠷᠭᠡ 1521 ᠠᠵᠤ ᠠᠬᠤᠶᠢᠯᠠᠯ ᠳᠤ ᠠᠵᠢᠯᠴᠢᠨ ᠬᠡᠷᠡᠭᠯᠡᠬᠦ ᠪᠠᠶᠢᠳᠠᠯ ᠤᠨ ᠲᠤᠬᠠᠢ ᠪᠠᠶᠢᠴᠠᠭᠠᠯᠲᠠ ᠬᠢᠵᠦ᠂ | ᠨᠡᠶᠢᠲᠡ 50286 ᠠᠵᠢᠯᠲᠠᠨ ᠠᠵᠢᠯᠴᠢᠨ ᠤ ᠪᠠᠶᠢᠳᠠᠯ ᠢ ᠣᠶᠢᠯᠠᠭᠠᠨ᠂ 2025 ᠣᠨ ᠤ ᠠᠵᠢᠯᠴᠢᠨ ᠬᠡᠷᠡᠭᠯᠡᠬᠦ ᠬᠡᠷᠡᠭᠴᠡᠭᠡ | 19452 ᠬᠥᠮᠥᠨ ᠪᠠᠶᠢᠵᠤ᠂ ᠡᠯ᠎ᠡ ᠠᠵᠢᠯ ᠲᠥᠷᠥᠯ ᠡᠯ᠎ᠡ ᠬᠦᠷᠢᠶ᠎ᠡ ᠶᠢ ᠦᠨᠳᠦᠰᠦᠨ ᠳᠡᠭᠡᠨ ᠪᠦᠬᠦᠨ ᠢ ᠬᠠᠮᠤᠷᠴᠠᠢ᠃ | |